ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠪᠢᠴᠢᠭ ᠮᠠᠲ᠋ᠧᠷᠢᠶᠠᠯ ᠢ ᠶᠠᠷᠢᠯᠴᠠᠪᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/6/28
    ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    ᠬᠤᠷᠠᠯ ᠠᠴᠠ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ ᠰᠤᠷᠲᠠᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ ᠭᠡᠵᠦ ᠵᠢᠭᠠᠵᠤ ᠭᠠᠷᠭᠠᠨ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠰᠢᠨ᠎ᠡ ᠠᠶᠠᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ᠃    ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃    ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠳᠣᠣᠷᠠᠬᠢ ᠵᠠᠷᠴᠢᠮ ᠢ ᠲᠤᠭᠤᠰᠢᠯᠠᠭᠤᠯᠬᠤ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠭᠡᠷᠡᠭᠲᠡᠢ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠢ ᠠᠷᠠᠳ ᠲᠦᠮᠡᠨ ᠤ       ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ ᠡᠭᠦᠳᠬᠦ ᠶᠢ ᠠᠬᠢᠭᠤᠯᠬᠤ ᠭᠡᠷᠡᠭᠳᠡᠢ︔ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ ᠶᠡᠷᠦᠩᠬᠡᠢ ᠳᠤᠨᠢ ᠲᠥᠯᠥᠪᠵᠢᠭᠦᠯᠬᠦ᠂ ᠡᠪᠳᠡᠵᠦ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ᠂ ᠦᠨᠳᠦᠰᠦ ᠪᠤᠯᠬᠤ ᠳᠦᠷᠢᠮ ᠢ ᠪᠠᠬᠢᠵᠢᠭᠦᠯᠵᠦ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠳᠦᠷᠢᠮ ᠤᠨ ᠰᠢᠨ᠎ᠡ ᠶᠢ ᠡᠭᠦᠳᠬᠦ ᠭᠡᠷᠡᠭᠳᠡᠢ︔ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ       ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠭᠦ ᠭᠡᠷᠡᠭᠳᠡᠢ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠵᠤ ᠠᠬᠤᠢ ᠪᠠ ᠨᠡᠶᠢᠭᠡᠮ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ       ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ       ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号