ᠮᠠᠨ ᠤ ᠬᠤᠰᠢᠭᠤ ᠰᠦᠬᠡᠪᠠᠭᠠᠲᠤᠷ ᠠᠶᠢᠮᠠᠭ᠂ ᠳᠤᠷᠤᠨᠠᠲᠤ ᠠᠶᠢᠮᠠᠭ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠬᠦᠷᠭᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2024/6/4
      ᠮᠠᠨ ᠤ ᠬᠤᠰᠢᠭᠤ ᠪᠣᠯᠤᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ ᠤᠨ ᠬᠢᠯᠢ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 13᠎ ᠤ ᠡᠳᠦᠷ᠂ ᠳᠤᠮᠳᠠᠳᠤ ᠤᠯᠤᠰ · ᠵᠡᠭᠦᠨ ᠦᠵᠦᠮᠦᠴᠢᠨ ᠬᠤᠰᠢᠭᠤ ᠠᠴᠠ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠤᠷᠤᠨᠠᠲᠤ ᠠᠶᠢᠮᠠᠭ ᠲᠤ ᠭᠠᠯ ᠰᠡᠷᠭᠡᠶᠢᠯᠡᠨ ᠤᠨᠲᠠᠷᠠᠭᠠᠬᠤ ᠪᠠᠭᠠᠵᠢ ᠬᠡᠷᠡᠭᠰᠡᠯ ᠬᠦᠷᠭᠡᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠣᠷᠣᠯᠴᠠᠵᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠬᠦᠷᠭᠡᠬᠦ ᠶᠣᠰᠣᠯᠠᠯ ᠳᠤ ᠣᠷᠣᠯᠴᠠᠪᠠ᠃      ᠡᠨᠡ ᠬᠤᠭᠤᠴᠠᠭᠠᠨ ᠳᠤ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠭᠠᠯ ᠤᠨ ᠠᠶᠤᠯ ᠢ ᠰᠡᠷᠭᠡᠶᠢᠯᠡᠬᠦ᠂ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ᠂ ᠰᠠᠭᠠᠳ ᠦᠭᠡᠢ ᠬᠠᠷᠢᠯᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠴᠥᠮ ᠬᠤᠶᠠᠷ ᠤᠯᠤᠰ ᠤᠨ ᠬᠢᠯᠢ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠮᠲᠤᠷᠠᠭᠰᠠᠨ ᠰᠡᠷᠭᠡᠶᠢᠯᠡᠯᠲᠡ ᠶᠢᠨ ᠬᠡᠯᠡᠯᠴᠡᠭᠡᠷ ᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠬᠦ᠂ ᠮᠡᠳᠡᠭᠡ ᠵᠠᠩᠭᠢ ᠮᠡᠳᠡᠭᠡᠯᠡᠬᠦ᠂ ᠭᠠᠯ ᠤᠨᠲᠠᠷᠠᠭᠠᠬᠤ ᠶᠢ ᠲᠤᠰᠠᠯᠠᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠴᠢᠩᠭᠠᠳᠬᠠᠵᠤ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠭᠠᠯ ᠤᠨ ᠭᠠᠮᠰᠢᠭ ᠤᠨ ᠳᠠᠯᠳᠠ ᠬᠡᠮ ᠢ ᠬᠠᠮᠲᠤ ᠪᠠᠷ ᠰᠡᠷᠭᠡᠶᠢᠯᠡᠨ ᠠᠷᠢᠯᠭᠠᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号