ᠤᠶᠢᠷ᠎ᠠ ᠶᠢᠨ ᠡᠳᠦᠷ ᠲᠤ᠂ 146 ᠲᠤᠨ ᠨᠡᠭᠦᠷᠡᠰᠦ ᠳᠦᠭᠦᠷᠡᠲᠡᠯ᠎ᠡ ᠠᠴᠢᠭᠰᠠᠨ ᠬᠤᠣᠰ ᠴᠢᠷᠭᠡᠤᠯ ᠲᠠᠢ | ᠲᠡᠷᠭᠡ ᠬᠦᠬᠡᠬᠤᠲᠠ ᠪᠤᠭᠤᠮᠲᠠ ᠶᠢᠨ ᠬᠠᠷᠢᠶ᠎ᠠ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠪᠠᠶᠢᠴᠠᠭᠠᠯᠲᠠ ᠪᠠᠷ | ᠳᠠᠮᠵᠢᠨ᠂ ᠪᠢᠴᠢᠭᠲᠦ ᠪᠤᠭᠤᠮᠲᠠ ᠠᠴᠠ ᠵᠡᠭᠦᠨ ᠬᠠᠳᠠᠪᠴᠢ ᠪᠤᠭᠤᠮᠲᠠ ᠪᠠᠷ ᠤᠷᠤᠵᠤ ᠢᠷᠡᠪᠡ᠃ ᠡᠨᠡ ᠬᠦ ᠴᠢᠷᠭᠡᠣᠯ | ᠲᠡᠷᠭᠡ ᠨᠢ ᠰᠦᠷᠯᠢᠭ ᠲᠣᠮᠤ ᠪᠥᠭᠡᠳ ᠣᠨᠴᠠ ᠶᠢᠨ ᠭᠢᠯᠠᠭᠠᠷ ᠬᠠᠷᠠᠭᠳᠠᠨ᠎ᠠ᠃ ᠣᠶᠢᠯᠠᠭᠠᠭᠰᠠᠨ ᠢᠶᠠᠷ᠂ ᠡᠨᠡ ᠪᠣᠯ | ᠵᠡᠭᠦᠨ ᠬᠠᠲᠠᠪᠴᠢ ᠪᠣᠭᠤᠮᠲᠠ ᠠᠩᠬ᠎ᠠ ᠤᠳᠠᠭ᠎ᠠ ᠬᠤᠣᠰ ᠴᠢᠷᠭᠡᠤᠯ ᠲᠠᠢ ᠲᠡᠷᠭᠡ ᠪᠠᠷ ᠪᠠᠷᠠᠭ᠎ᠠ ᠲᠡᠭᠡᠭᠡᠪᠦᠷᠢᠯᠡᠨ | ᠪᠣᠭᠤᠮᠲᠠ ᠪᠠᠷ ᠤᠷᠤᠵᠤ ᠢᠷᠡᠭᠰᠡᠨ ᠪᠠᠶᠢᠨ᠎ᠠ᠃ ᠲᠣᠰ ᠴᠢᠷᠭᠡᠤᠯ ᠲᠡᠷᠭᠡ ᠶᠢ ᠠᠯᠬᠤᠮ ᠠᠯᠬᠤᠮ ᠢᠶᠠᠷ ᠳᠡᠯᠭᠡᠷᠡᠭᠦᠯᠦᠨ | ᠬᠡᠷᠡᠭᠯᠡᠬᠦ ᠨᠢ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠠᠰᠢᠭᠲᠠᠶ ᠶᠤᠮ᠃ | 《ᠤᠤᠯ ᠨᠢ ᠡᠩ ᠤᠨ ᠴᠢᠷᠭᠡᠤᠯ ᠲᠡᠷᠭᠡ ᠨᠢ ᠵᠥᠪᠬᠡᠨ 70 ᠲᠣᠨ ᠭᠠᠳᠠᠭᠠᠳᠤ ᠠᠴᠠ ᠣᠷᠣᠭᠤᠯᠤᠭᠰᠠᠨ | ᠨᠡᠭᠦᠷᠡᠰᠦ ᠠᠴᠢᠵᠤ᠂ ᠣᠲᠣ ᠮᠠᠨ ᠤ ᠺᠣᠮᠫᠠᠨᠢ ᠪᠠᠷᠤᠭ 150 ᠲᠣᠨ ᠨᠡᠭᠦᠷᠡᠰᠦ ᠲᠡᠭᠡᠭᠡᠵᠦ᠂ ᠡᠩ ᠤᠨ ᠴᠢᠷᠭᠡᠤᠯ | ᠲᠡᠷᠭᠡ ᠶᠢᠨ ᠠᠴᠢᠶᠠᠯᠠᠬᠤ ᠬᠡᠮᠵᠢᠶ᠎ᠡ ᠶᠢᠨ 2 ᠳᠠᠬᠢᠨ ᠢᠯᠡᠭᠦᠦ ᠪᠠᠶᠢᠵᠤ᠂ ᠲᠡᠭᠡᠭᠡᠪᠦᠷᠢ ᠶᠢᠨ ᠥᠪᠡᠷ ᠤᠨ ᠥᠷᠲᠡᠭ ᠢ | ᠠᠷᠪᠢᠯᠠᠭᠰᠠᠨ ᠢᠶᠠᠷ ᠪᠠᠷᠠᠬᠤ ᠥᠬᠡᠶ᠂ ᠪᠠᠰᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠬᠦᠴᠦᠨ ᠢ ᠥᠷᠭᠡᠳᠬᠡᠵᠦ᠂ | ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠪᠡ︾ | ᠭᠡᠵᠦ ᠥᠪᠥᠷ ᠮᠣᠩᠭᠤᠯ ᠤᠨ ᠫᠧᠩ ᠴᠦᠩ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠬᠢᠵᠠᠭᠠᠷᠲᠤ | ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠣᠣ ᠸᠧᠢ ᠶᠠᠷᠢᠪᠠ᠃ | ᠵᠡᠭᠦᠨ ᠦᠵᠦᠮᠦᠴᠢᠨ ᠪᠣᠭᠤᠮᠲᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ | ︽ᠪᠣᠭᠤᠮᠲᠠ + ᠭᠤᠣᠯ ᠭᠠᠵᠠᠷ + ᠠᠵᠤ ᠦᠢᠯᠡᠰ︾ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠂ | ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠭᠠᠳᠠᠭᠰᠢ ᠨᠡᠭᠡᠭᠡᠯᠲᠡ | ᠬᠢᠬᠦ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠢᠯᠢ ᠶᠢᠨ ᠭᠠᠳᠠᠨᠠᠬᠢ ᠤᠷᠢᠳᠴᠢᠯᠠᠨ | ᠪᠠᠶᠢᠴᠠᠭᠠᠬᠤ᠂ ᠭᠤᠷᠪᠠᠳᠠᠬᠢ ᠡᠲᠡᠭᠡᠳ ᠤᠨ ᠢᠲᠡᠭᠡᠮᠵᠢ ᠠᠪᠬᠤ᠂ ᠬᠤᠤᠰ ᠴᠢᠷᠭᠡᠤᠯ ᠲᠡᠷᠭᠡᠨ ᠤ ᠲᠡᠭᠡᠭᠡᠪᠦᠷᠢ ᠵᠡᠷᠭᠡ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠬᠠᠮᠲᠤᠷᠠᠨ ᠪᠠᠶᠢᠴᠠᠭᠠᠬᠤ | ᠨᠢᠭᠡᠴᠡ᠂ ᠠᠵᠤ ᠠᠬᠤᠶᠢᠯᠠᠯ ᠲᠠᠢ ᠨᠢᠭᠲᠠ ᠬᠠᠮᠵᠢᠯᠴᠠᠵᠤ᠂ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠦᠨ᠎ᠡ | ᠬᠠᠩᠰᠢ ᠶᠢᠨ ᠰᠠᠶᠢᠵᠢᠷᠠᠯᠲᠠ ᠶᠢᠨ ᠠᠰᠢᠭᠲᠠᠶ ᠴᠠᠭ ᠲᠣᠬᠢᠶᠠᠯ ᠢ ᠠᠮᠵᠢᠵᠤ᠂ ᠪᠥᠬᠦ ᠵᠢᠯ ᠤᠨ ᠪᠠᠷᠠᠭ᠎ᠠ ᠥᠩᠭᠡᠷᠡᠭᠦᠯᠬᠦ | ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠪᠡ᠃ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 4 ᠰᠠᠷ᠎ᠠ ᠳᠤ᠂ ᠵᠡᠭᠦᠨ | ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 59.65 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 22.33% ᠪᠠᠷ ᠨᠡᠮᠡᠭᠳᠡᠪᠡ᠃ | ︽ᠪᠢᠳᠡ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ | ︿ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ﹀ ᠶᠢ ᠲᠠᠰᠤᠷᠠᠯᠲᠠ ᠦᠭᠡᠢ ᠴᠢᠩᠭᠠᠳᠬᠠᠵᠤ᠂ ᠤᠶᠤᠨᠲᠤ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ︿ᠳᠦᠷᠪᠡᠨ ᠵᠠᠮ ᠢᠶᠠᠷ ᠣᠷᠤᠭᠤᠯᠤᠨ | ᠬᠤᠶᠠᠷ ᠵᠠᠮ ᠢᠶᠠᠷ ᠭᠠᠷᠭᠠᠬᠤ﹀ ᠪᠠᠷᠠᠭᠠᠨ ᠤ ᠲᠡᠭᠡᠭᠡᠪᠦᠷᠢ ᠶᠢᠨ ᠵᠠᠮ᠂ H986 ᠵᠡᠷᠭᠡ ᠲᠡᠷᠢᠭᠦᠨ ᠤ ᠮᠡᠷᠭᠡᠵᠢᠯ ᠤᠨ | ᠲᠥᠬᠦᠭᠡᠷᠦᠮᠵᠢ ᠶᠢ ᠰᠢᠨ᠎ᠡ ᠪᠠᠷ ᠠᠰᠢᠭᠯᠠᠯᠲᠠ ᠳᠤ ᠣᠷᠣᠭᠤᠯᠵᠤ᠂ ᠪᠣᠭᠤᠮᠲᠠ ᠶᠢᠨ ᠬᠢᠯᠢ ᠪᠠᠷ ᠣᠷᠣᠵᠤ ᠭᠠᠷᠬᠤ | ᠲᠡᠭᠡᠭᠡᠪᠦᠷᠢ ᠶᠢᠨ ᠪᠠᠭᠠᠵᠢ᠂ ᠡᠳ᠋ ᠪᠠᠷᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠢᠨᠠᠨ ᠡᠵᠡᠮᠳᠡᠬᠦ ᠵᠢᠯᠣᠭᠤᠳᠬᠤ ᠲᠥᠪ᠂ ᠤᠶᠤᠨᠲᠤ ᠪᠣᠭᠤᠮᠲᠠ ᠪᠠᠷ ᠣᠷᠣᠵᠤ ᠭᠠᠷᠬᠤ | ᠵᠢᠯᠣᠭᠤᠴᠢ ᠪᠠ ᠠᠶᠠᠨᠴᠢᠳ᠂ ᠪᠠᠷᠠᠭ᠎ᠠ᠂ ᠲᠡᠭᠡᠭᠡᠪᠦᠷᠢ ᠶᠢᠨ ᠪᠠᠭᠠᠵᠢ ᠶᠢᠨ ᠬᠥᠳᠡᠯᠦᠩᠭᠦᠢ ᠪᠠᠷ ᠪᠣᠭᠤᠮᠲᠠ ᠥᠩᠭᠡᠷᠡᠬᠦ | ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠪᠣᠭᠤᠮᠲᠠ ᠪᠠᠷ ᠥᠩᠭᠡᠷᠡᠬᠦ ᠶᠠᠪᠤᠴᠠ ᠳᠤ ᠢᠯᠡᠷᠡᠭᠰᠡᠨ ᠡᠯ᠎ᠡ | ᠵᠦᠢᠯ ᠤᠨ ᠲᠦᠭᠵᠢᠷᠡᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ︾ ᠭᠡᠵᠦ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ | ᠳᠠᠷᠤᠭ᠎ᠠ ᠠᠭᠤᠳᠠᠮ ᠶᠠᠷᠢᠪᠠ᠃ | 2024 ᠣᠨ ᠳᠤ᠂ ᠵᠡᠭᠦᠨ ᠦᠵᠦᠮᠦᠴᠢᠨ ᠪᠣᠭᠤᠮᠲᠠ ᠶᠢᠨ《ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢᠨ | ᠵᠢᠯ》ᠲᠤᠬᠢᠶᠠᠯᠳᠤᠵᠤ᠂ ᠪᠣᠭᠤᠮᠲᠠ ᠶᠢᠨ ᠲᠡᠭᠡᠭᠡᠪᠦᠷᠢ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ ᠲᠠᠰ ᠳᠡᠪᠰᠢᠭᠦᠯᠬᠦ ᠶᠢᠨ ᠲᠥᠯᠥᠭᠡ᠂ ᠨᠢᠭᠡ ᠲᠠᠯ᠎ᠠ ᠪᠠᠷ᠂ | H986 ᠮᠠᠰᠢᠨ ᠲᠥᠬᠦᠭᠡᠷᠦᠮᠵᠢ ᠶᠢ ᠠᠰᠢᠭᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ ᠶᠢ ᠪᠠᠶᠢᠴᠠᠭᠠᠨ ᠰᠢᠯᠭᠠᠵᠤ᠂ ᠪᠦᠲᠦᠮᠵᠢᠲᠡᠶ ᠬᠢᠨᠠᠨ ᠬᠠᠮᠢᠶᠠᠷᠬᠤ ᠶᠢ ᠪᠠᠲᠤᠯᠠᠭᠰᠠᠨ ᠤᠷᠢᠲᠠᠯ ᠳᠣᠤᠷ᠎ᠠ | ︽ᠰᠧᠺᠦ᠋ᠨ᠋ᠳ᠋︾ ᠲᠤ ᠪᠣᠭᠤᠮᠲᠠ ᠥᠩᠭᠡᠷᠡᠬᠦ ᠶᠢ ᠪᠡᠶᠡᠯᠡᠭᠦᠯᠪᠡ︔ ᠨᠥᠭᠦᠭᠡ ᠲᠠᠯ᠎ᠠ ᠪᠠᠷ᠂ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠠᠵᠤ ᠠᠬᠤᠶᠢᠯᠠᠯ ᠤᠨ ︽ᠳᠠᠩ ᠴᠢᠷᠭᠡᠤᠯ ᠲᠡᠷᠭᠡ︾ ᠶᠢ ︽ᠬᠤᠣᠰ ᠴᠢᠷᠭᠡᠤᠯ ᠲᠡᠷᠭᠡ︾ ᠪᠣᠯᠭᠠᠨ | ᠥᠭᠡᠷᠡᠴᠢᠯᠡᠬᠦ ᠶᠢ ᠵᠣᠷᠢᠭᠵᠢᠭᠤᠯᠤᠨ ᠳᠡᠮᠵᠢᠵᠦ᠂ ᠤᠷᠢᠳ ᠬᠤᠵᠢᠳ 2 ᠠᠵᠤ ᠠᠬᠤᠶᠢᠯᠠᠯ ᠳᠤ ᠲᠡᠭᠡᠭᠡᠪᠦᠷᠢ ᠶᠢᠨ | ᠪᠠᠭᠠᠵᠢ ᠶᠢᠨ ᠳᠠᠩᠰᠠᠯᠠᠭᠤᠯᠬᠤ ᠭᠠᠷ ᠭᠦᠢᠴᠡᠳᠬᠡᠯ ᠢ ᠭᠦᠢᠴᠡᠳᠬᠡᠵᠦ᠂ ᠠᠵᠤ ᠠᠬᠤᠶᠢᠯᠠᠯ ᠤᠨ ᠲᠡᠭᠡᠭᠡᠪᠦᠷᠢ ᠶᠢᠨ | ᠵᠠᠷᠤᠳᠠᠯ ᠢ ᠠᠷᠪᠢᠯᠠᠭᠰᠠᠨ ᠤ ᠬᠠᠮᠲᠤ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠴᠢᠶᠠᠯᠠᠬᠤ ᠴᠢᠳᠠᠪᠤᠷᠢ ᠶᠢ ᠳᠠᠬᠢᠨ ᠢᠶᠠᠷ | ᠨᠡᠮᠡᠭᠳᠡᠭᠦᠯᠪᠡ᠃ | ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠪᠣᠭᠤᠮᠲᠠ ᠶᠢᠨ ᠬᠢᠨ ᠣᠶᠤᠨᠴᠢ ᠪᠣᠭᠤᠮᠲᠠ ᠶᠢᠨ | ᠪᠦᠳᠦᠭᠡᠨ ᠪᠠᠶᠢᠭᠤᠯᠤᠯᠲᠠ ᠪᠣᠯᠤᠨ ︽ᠤᠶᠤᠨᠴᠢ ᠪᠣᠭᠤᠮᠲᠠ ᠶᠢᠨ ᠬᠦᠴᠦᠷᠬᠡᠭ ᠤᠯᠤᠰ︾ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠣᠶᠤᠨᠴᠢ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠶᠠᠪᠤᠴᠠ ᠪᠣᠯᠤᠨ ᠠᠵᠢᠯ ᠤᠨ ᠵᠠᠭᠪᠤᠷ ᠢ | ᠦᠷᠭᠦᠯᠵᠢᠯᠡᠨ ᠰᠢᠯᠢᠳᠡᠭᠵᠢᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ | ᠲᠤᠬᠠᠢ ᠳᠤᠨᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠲᠠᠰᠤᠷᠠᠯᠳᠠ ᠦᠭᠡᠢ ᠪᠠᠳᠠᠷᠠᠭᠤᠯᠵᠤ᠂ | ᠪᠣᠭᠤᠮᠲᠠ ᠶᠢᠨ ︽ᠤᠶᠤᠨᠴᠢ︾ ᠢᠶᠠᠷ ᠵᠡᠭᠦᠨ ᠬᠠᠲᠠᠪᠴᠢ ᠪᠣᠭᠤᠮᠲᠠ ᠶᠢᠨ ᠥᠨᠳᠥᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠬᠦ ᠶᠢ ᠠᠬᠢᠭᠤᠯᠤᠨ᠎ᠠ᠃ |