ᠵᠡᠭᠦᠨ ᠬᠠᠲᠠᠪᠴᠢ ᠪᠣᠭᠤᠮᠲᠠ ᠠᠩᠬ᠎ᠠ ᠤᠳᠠᠭ᠎ᠠ ᠬᠤᠣᠰ ᠴᠢᠷᠭᠡᠤᠯ ᠲᠠᠢ ᠲᠡᠷᠭᠡ ᠪᠠᠷ ᠨᠡᠭᠦᠷᠡᠰᠦ ᠲᠡᠭᠡᠭᠡᠪᠦᠷᠢᠯᠡᠨ ᠬᠢᠯᠢ ᠪᠠᠷ ᠣᠷᠤᠵᠤ ᠢᠷᠡᠪᠡ
ᠨᠡᠶᠢᠲᠡᠯᠡᠭᠰᠡᠨ ᠴᠠᠭ᠄
2024/6/4
     ᠤᠶᠢᠷ᠎ᠠ ᠶᠢᠨ ᠡᠳᠦᠷ ᠲᠤ᠂ 146 ᠲᠤᠨ ᠨᠡᠭᠦᠷᠡᠰᠦ ᠳᠦᠭᠦᠷᠡᠲᠡᠯ᠎ᠡ ᠠᠴᠢᠭᠰᠠᠨ ᠬᠤᠣᠰ ᠴᠢᠷᠭᠡᠤᠯ ᠲᠠᠢ ᠲᠡᠷᠭᠡ ᠬᠦᠬᠡᠬᠤᠲᠠ ᠪᠤᠭᠤᠮᠲᠠ ᠶᠢᠨ ᠬᠠᠷᠢᠶ᠎ᠠ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠪᠠᠶᠢᠴᠠᠭᠠᠯᠲᠠ ᠪᠠᠷ ᠳᠠᠮᠵᠢᠨ᠂ ᠪᠢᠴᠢᠭᠲᠦ ᠪᠤᠭᠤᠮᠲᠠ ᠠᠴᠠ ᠵᠡᠭᠦᠨ ᠬᠠᠳᠠᠪᠴᠢ ᠪᠤᠭᠤᠮᠲᠠ ᠪᠠᠷ ᠤᠷᠤᠵᠤ ᠢᠷᠡᠪᠡ᠃ ᠡᠨᠡ ᠬᠦ ᠴᠢᠷᠭᠡᠣᠯ ᠲᠡᠷᠭᠡ ᠨᠢ ᠰᠦᠷᠯᠢᠭ ᠲᠣᠮᠤ ᠪᠥᠭᠡᠳ ᠣᠨᠴᠠ ᠶᠢᠨ ᠭᠢᠯᠠᠭᠠᠷ ᠬᠠᠷᠠᠭᠳᠠᠨ᠎ᠠ᠃ ᠣᠶᠢᠯᠠᠭᠠᠭᠰᠠᠨ ᠢᠶᠠᠷ᠂ ᠡᠨᠡ ᠪᠣᠯ ᠵᠡᠭᠦᠨ ᠬᠠᠲᠠᠪᠴᠢ ᠪᠣᠭᠤᠮᠲᠠ ᠠᠩᠬ᠎ᠠ ᠤᠳᠠᠭ᠎ᠠ ᠬᠤᠣᠰ ᠴᠢᠷᠭᠡᠤᠯ ᠲᠠᠢ ᠲᠡᠷᠭᠡ ᠪᠠᠷ ᠪᠠᠷᠠᠭ᠎ᠠ ᠲᠡᠭᠡᠭᠡᠪᠦᠷᠢᠯᠡᠨ ᠪᠣᠭᠤᠮᠲᠠ ᠪᠠᠷ ᠤᠷᠤᠵᠤ ᠢᠷᠡᠭᠰᠡᠨ  ᠪᠠᠶᠢᠨ᠎ᠠ᠃ ᠲᠣᠰ ᠴᠢᠷᠭᠡᠤᠯ ᠲᠡᠷᠭᠡ ᠶᠢ ᠠᠯᠬᠤᠮ ᠠᠯᠬᠤᠮ ᠢᠶᠠᠷ ᠳᠡᠯᠭᠡᠷᠡᠭᠦᠯᠦᠨ ᠬᠡᠷᠡᠭᠯᠡᠬᠦ ᠨᠢ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠠᠰᠢᠭᠲᠠᠶ ᠶᠤᠮ᠃    《ᠤᠤᠯ ᠨᠢ ᠡᠩ ᠤᠨ ᠴᠢᠷᠭᠡᠤᠯ ᠲᠡᠷᠭᠡ ᠨᠢ ᠵᠥᠪᠬᠡᠨ 70 ᠲᠣᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠴᠢᠵᠤ᠂ ᠣᠲᠣ ᠮᠠᠨ ᠤ ᠺᠣᠮᠫᠠᠨᠢ ᠪᠠᠷᠤᠭ 150 ᠲᠣᠨ ᠨᠡᠭᠦᠷᠡᠰᠦ ᠲᠡᠭᠡᠭᠡᠵᠦ᠂ ᠡᠩ ᠤᠨ ᠴᠢᠷᠭᠡᠤᠯ ᠲᠡᠷᠭᠡ ᠶᠢᠨ ᠠᠴᠢᠶᠠᠯᠠᠬᠤ ᠬᠡᠮᠵᠢᠶ᠎ᠡ ᠶᠢᠨ 2 ᠳᠠᠬᠢᠨ ᠢᠯᠡᠭᠦᠦ ᠪᠠᠶᠢᠵᠤ᠂ ᠲᠡᠭᠡᠭᠡᠪᠦᠷᠢ ᠶᠢᠨ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠥᠬᠡᠶ᠂ ᠪᠠᠰᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠬᠦᠴᠦᠨ ᠢ ᠥᠷᠭᠡᠳᠬᠡᠵᠦ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠪᠡ︾  ᠭᠡᠵᠦ ᠥᠪᠥᠷ ᠮᠣᠩᠭᠤᠯ ᠤᠨ ᠫᠧᠩ ᠴᠦᠩ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠣᠣ ᠸᠧᠢ ᠶᠠᠷᠢᠪᠠ᠃    ᠵᠡᠭᠦᠨ ᠦᠵᠦᠮᠦᠴᠢᠨ ᠪᠣᠭᠤᠮᠲᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂         ︽ᠪᠣᠭᠤᠮᠲᠠ + ᠭᠤᠣᠯ ᠭᠠᠵᠠᠷ + ᠠᠵᠤ ᠦᠢᠯᠡᠰ︾ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠂ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠭᠠᠳᠠᠭᠰᠢ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠢᠯᠢ ᠶᠢᠨ ᠭᠠᠳᠠᠨᠠᠬᠢ ᠤᠷᠢᠳᠴᠢᠯᠠᠨ ᠪᠠᠶᠢᠴᠠᠭᠠᠬᠤ᠂ ᠭᠤᠷᠪᠠᠳᠠᠬᠢ ᠡᠲᠡᠭᠡᠳ ᠤᠨ ᠢᠲᠡᠭᠡᠮᠵᠢ ᠠᠪᠬᠤ᠂ ᠬᠤᠤᠰ ᠴᠢᠷᠭᠡᠤᠯ ᠲᠡᠷᠭᠡᠨ ᠤ ᠲᠡᠭᠡᠭᠡᠪᠦᠷᠢ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠬᠠᠮᠲᠤᠷᠠᠨ ᠪᠠᠶᠢᠴᠠᠭᠠᠬᠤ ᠨᠢᠭᠡᠴᠡ᠂ ᠠᠵᠤ ᠠᠬᠤᠶᠢᠯᠠᠯ ᠲᠠᠢ ᠨᠢᠭᠲᠠ ᠬᠠᠮᠵᠢᠯᠴᠠᠵᠤ᠂ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠦᠨ᠎ᠡ ᠬᠠᠩᠰᠢ ᠶᠢᠨ ᠰᠠᠶᠢᠵᠢᠷᠠᠯᠲᠠ ᠶᠢᠨ ᠠᠰᠢᠭᠲᠠᠶ ᠴᠠᠭ ᠲᠣᠬᠢᠶᠠᠯ ᠢ ᠠᠮᠵᠢᠵᠤ᠂ ᠪᠥᠬᠦ ᠵᠢᠯ ᠤᠨ ᠪᠠᠷᠠᠭ᠎ᠠ ᠥᠩᠭᠡᠷᠡᠭᠦᠯᠬᠦ ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠪᠡ᠃     ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 4 ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 59.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.33% ᠪᠠᠷ ᠨᠡᠮᠡᠭᠳᠡᠪᠡ᠃     ︽ᠪᠢᠳᠡ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ         ︿ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ﹀ ᠶᠢ ᠲᠠᠰᠤᠷᠠᠯᠲᠠ ᠦᠭᠡᠢ ᠴᠢᠩᠭᠠᠳᠬᠠᠵᠤ᠂ ᠤᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ︿ᠳᠦᠷᠪᠡᠨ ᠵᠠᠮ ᠢᠶᠠᠷ ᠣᠷᠤᠭᠤᠯᠤᠨ ᠬᠤᠶᠠᠷ ᠵᠠᠮ ᠢᠶᠠᠷ ᠭᠠᠷᠭᠠᠬᠤ﹀ ᠪᠠᠷᠠᠭᠠᠨ ᠤ ᠲᠡᠭᠡᠭᠡᠪᠦᠷᠢ ᠶᠢᠨ ᠵᠠᠮ᠂ H986 ᠵᠡᠷᠭᠡ ᠲᠡᠷᠢᠭᠦᠨ ᠤ ᠮᠡᠷᠭᠡᠵᠢᠯ ᠤᠨ ᠲᠥᠬᠦᠭᠡᠷᠦᠮᠵᠢ ᠶᠢ ᠰᠢᠨ᠎ᠡ ᠪᠠᠷ ᠠᠰᠢᠭᠯᠠᠯᠲᠠ ᠳᠤ ᠣᠷᠣᠭᠤᠯᠵᠤ᠂ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠪᠠᠭᠠᠵᠢ᠂ ᠡᠳ᠋ ᠪᠠᠷᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠦᠪᠰᠢᠨ ᠢ       ᠳᠡᠭᠡᠭᠰᠢᠯᠡᠭᠦᠯᠵᠦ᠂ ᠬᠢᠨᠠᠨ ᠡᠵᠡᠮᠳᠡᠬᠦ ᠵᠢᠯᠣᠭᠤᠳᠬᠤ ᠲᠥᠪ᠂ ᠤᠶᠤᠨᠲᠤ ᠪᠣᠭᠤᠮᠲᠠ ᠪᠠᠷ ᠣᠷᠣᠵᠤ ᠭᠠᠷᠬᠤ ᠵᠢᠯᠣᠭᠤᠴᠢ ᠪᠠ ᠠᠶᠠᠨᠴᠢᠳ᠂ ᠪᠠᠷᠠᠭ᠎ᠠ᠂ ᠲᠡᠭᠡᠭᠡᠪᠦᠷᠢ ᠶᠢᠨ ᠪᠠᠭᠠᠵᠢ ᠶᠢᠨ ᠬᠥᠳᠡᠯᠦᠩᠭᠦᠢ ᠪᠠᠷ ᠪᠣᠭᠤᠮᠲᠠ ᠥᠩᠭᠡᠷᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠪᠣᠭᠤᠮᠲᠠ ᠪᠠᠷ ᠥᠩᠭᠡᠷᠡᠬᠦ ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠲᠦᠭᠵᠢᠷᠡᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ︾ ᠭᠡᠵᠦ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠠᠭᠤᠳᠠᠮ ᠶᠠᠷᠢᠪᠠ᠃    2024 ᠣᠨ ᠳᠤ᠂ ᠵᠡᠭᠦᠨ ᠦᠵᠦᠮᠦᠴᠢᠨ ᠪᠣᠭᠤᠮᠲᠠ ᠶᠢᠨ《ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢᠨ ᠵᠢᠯ》ᠲᠤᠬᠢᠶᠠᠯᠳᠤᠵᠤ᠂ ᠪᠣᠭᠤᠮᠲᠠ ᠶᠢᠨ ᠲᠡᠭᠡᠭᠡᠪᠦᠷᠢ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ ᠲᠠᠰ ᠳᠡᠪᠰᠢᠭᠦᠯᠬᠦ ᠶᠢᠨ ᠲᠥᠯᠥᠭᠡ᠂ ᠨᠢᠭᠡ ᠲᠠᠯ᠎ᠠ ᠪᠠᠷ᠂ H986 ᠮᠠᠰᠢᠨ ᠲᠥᠬᠦᠭᠡᠷᠦᠮᠵᠢ ᠶᠢ ᠠᠰᠢᠭᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠠᠶᠢᠴᠠᠭᠠᠨ ᠰᠢᠯᠭᠠᠵᠤ᠂ ᠪᠦᠲᠦᠮᠵᠢᠲᠡᠶ ᠬᠢᠨᠠᠨ ᠬᠠᠮᠢᠶᠠᠷᠬᠤ ᠶᠢ ᠪᠠᠲᠤᠯᠠᠭᠰᠠᠨ ᠤᠷᠢᠲᠠᠯ ᠳᠣᠤᠷ᠎ᠠ         ︽ᠰᠧᠺᠦ᠋ᠨ᠋ᠳ᠋︾ ᠲᠤ ᠪᠣᠭᠤᠮᠲᠠ ᠥᠩᠭᠡᠷᠡᠬᠦ ᠶᠢ ᠪᠡᠶᠡᠯᠡᠭᠦᠯᠪᠡ︔ ᠨᠥᠭᠦᠭᠡ ᠲᠠᠯ᠎ᠠ ᠪᠠᠷ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ︽ᠳᠠᠩ ᠴᠢᠷᠭᠡᠤᠯ ᠲᠡᠷᠭᠡ︾ ᠶᠢ ︽ᠬᠤᠣᠰ ᠴᠢᠷᠭᠡᠤᠯ ᠲᠡᠷᠭᠡ︾ ᠪᠣᠯᠭᠠᠨ ᠥᠭᠡᠷᠡᠴᠢᠯᠡᠬᠦ ᠶᠢ ᠵᠣᠷᠢᠭᠵᠢᠭᠤᠯᠤᠨ ᠳᠡᠮᠵᠢᠵᠦ᠂ ᠤᠷᠢᠳ ᠬᠤᠵᠢᠳ 2 ᠠᠵᠤ ᠠᠬᠤᠶᠢᠯᠠᠯ ᠳᠤ ᠲᠡᠭᠡᠭᠡᠪᠦᠷᠢ ᠶᠢᠨ ᠪᠠᠭᠠᠵᠢ ᠶᠢᠨ ᠳᠠᠩᠰᠠᠯᠠᠭᠤᠯᠬᠤ ᠭᠠᠷ ᠭᠦᠢᠴᠡᠳᠬᠡᠯ ᠢ ᠭᠦᠢᠴᠡᠳᠬᠡᠵᠦ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠵᠠᠷᠤᠳᠠᠯ ᠢ ᠠᠷᠪᠢᠯᠠᠭᠰᠠᠨ ᠤ ᠬᠠᠮᠲᠤ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠴᠢᠶᠠᠯᠠᠬᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠪᠡ᠃    ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠪᠣᠭᠤᠮᠲᠠ ᠶᠢᠨ ᠬᠢᠨ ᠣᠶᠤᠨᠴᠢ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠪᠣᠯᠤᠨ ︽ᠤᠶᠤᠨᠴᠢ ᠪᠣᠭᠤᠮᠲᠠ ᠶᠢᠨ ᠬᠦᠴᠦᠷᠬᠡᠭ ᠤᠯᠤᠰ︾ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠶᠤᠨᠴᠢ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠶᠠᠪᠤᠴᠠ ᠪᠣᠯᠤᠨ ᠠᠵᠢᠯ ᠤᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠲᠠᠰᠤᠷᠠᠯᠳᠠ ᠦᠭᠡᠢ ᠪᠠᠳᠠᠷᠠᠭᠤᠯᠵᠤ᠂ ᠪᠣᠭᠤᠮᠲᠠ ᠶᠢᠨ ︽ᠤᠶᠤᠨᠴᠢ︾ ᠢᠶᠠᠷ ᠵᠡᠭᠦᠨ ᠬᠠᠲᠠᠪᠴᠢ ᠪᠣᠭᠤᠮᠲᠠ ᠶᠢᠨ ᠥᠨᠳᠥᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号