ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠠᠲᠠᠪᠴᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠨ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2024/6/4
      5 ᠰᠠᠷ᠎ᠠ ᠶᠢᠨ 7 ᠤ ᠡᠳᠦᠷ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠾᠦᠢ ᠢᠦᠢ ᠨᠠᠷ ᠬᠠᠲᠠᠪᠴᠢ ᠪᠠᠯᠭᠠᠰᠤᠨ ᠳᠤ ᠭᠦᠨᠵᠡᠭᠡᠶᠢᠷᠡᠨ ᠵᠡᠭᠦᠨ ᠬᠠᠲᠠᠪᠴᠢ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠤᠭᠠᠯᠠᠭᠰᠠᠨ ᠬᠤᠷᠠᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠢᠯᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ᠂ ᠠᠶᠢᠮᠠᠭ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠴᠧ ᠱᠣᠣ ᠷᠦᠩ ᠵᠡᠷᠭᠡ ᠤᠳᠤᠷᠢᠳᠤᠯᠭ᠎ᠠ ᠵᠢᠴᠢ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠠᠯᠮᠠᠰ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠰᠦ᠋ᠬᠡ ᠨᠠᠷ ᠪᠠᠷ᠎ᠠ ᠪᠣᠯᠪᠠ᠃      ᠵᠠᠩ ᠾᠦᠢ ᠢᠦᠢ ᠲᠡᠷᠢᠭᠦᠯᠡᠭᠴᠢ ᠨᠢ ᠵᠡᠭᠦᠨ ᠬᠠᠲᠠᠪᠴᠢ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠤᠭᠠᠯᠠᠭᠰᠠᠨ ᠬᠤᠷᠠᠯ ᠤᠨ ︽ᠠᠵᠢᠯᠲᠠᠨ ᠠᠵᠢᠯᠴᠢᠨ ᠤ ᠭᠡᠷ︾ ᠤᠨ ᠠᠵᠢᠯᠲᠠᠨ ᠠᠵᠢᠯᠴᠢᠨ ᠤ ᠦᠷ᠎ᠡ ᠬᠡᠦᠬᠡᠳ ᠢ ᠨᠠᠶᠢᠳᠠᠨ ᠬᠠᠮᠢᠶᠠᠷᠤᠭᠤᠯᠬᠤ ᠦᠷᠦᠭᠡ᠂ ᠠᠵᠢᠯᠲᠠᠨ ᠠᠵᠢᠯᠴᠢᠨ ᠤ ᠺᠢᠨᠣ᠋ ᠶᠢᠨ ᠣᠷᠳᠣᠨ᠂ ᠨᠣᠮ ᠤᠨ ᠥᠷᠥᠭᠡ᠂ ᠬᠦᠳᠡᠯᠭᠡᠭᠡᠨ ᠤ ᠲᠥᠪ ᠵᠡᠷᠭᠡ ᠴᠢᠳᠠᠮᠵᠢ ᠶᠢᠨ ᠣᠷᠣᠨ ᠤ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠡᠭᠦᠷᠭᠡ ᠴᠢᠳᠠᠪᠬᠢ ᠪᠣᠯᠣᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠦᠷᠭᠡᠨ ᠤᠯᠠᠨ ᠠᠵᠢᠯᠲᠠᠨ ᠠᠵᠢᠯᠴᠢᠨ ᠤ ᠪᠤᠲᠠᠲᠠᠢ ᠬᠡᠷᠡᠭᠴᠡᠭᠡᠨ ᠠᠴᠠ ᠤᠳᠤᠷᠢᠳᠤᠮᠵᠢ ᠪᠤᠯᠭᠠᠨ᠂ ᠦᠢᠯᠡᠴᠢᠯᠡᠭᠡᠨ ᠤ ᠴᠢᠳᠠᠪᠬᠢ ᠶᠢᠨ ᠪᠠᠶᠢᠷᠢᠰᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠢ ᠲᠦᠷᠢᠮᠵᠢᠭᠦᠯᠦᠨ᠂ ᠦᠢᠯᠡᠴᠢᠯᠡᠭᠡᠨ ᠤ ᠣᠶᠢᠯᠠᠭᠠᠭᠳᠠᠬᠤᠨ ᠰᠡᠳᠬᠢᠬᠦᠢ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ        ᠪᠠᠶᠢᠨ᠎ᠠ᠃      ᠡᠨᠡ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠪᠤᠯᠤᠨ ᠵᠡᠭᠦᠨ ᠬᠠᠲᠠᠪᠴᠢ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠤᠭᠠᠯᠠᠭᠰᠠᠨ ᠬᠤᠷᠠᠯ ᠤᠨ ᠠᠵᠢᠯᠲᠠᠳ ᠬᠡᠰᠢᠭᠦᠳ ᠬᠠᠮᠲᠤᠪᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠤᠯᠠᠭᠠᠨᠮᠥ᠋ᠴᠢᠷ ᠤᠨ ︽ᠰᠡᠳᠬᠢᠯ ᠢᠶᠠᠨ ᠨᠢᠭᠡᠳᠬᠡᠨ ᠨᠠᠮ ᠢᠶᠠᠨ ᠳᠠᠭᠠᠵᠤ᠂ ᠰᠢᠨ᠎ᠡ ᠴᠠᠭ ᠡᠷᠡᠨ ᠤ ᠠᠶᠠᠨ ᠳᠤ ᠪᠦᠯᠬᠦᠮᠳᠡᠨ ᠲᠡᠮᠡᠴᠡᠬᠦ︾ ᠭᠤᠣᠯ ᠰᠡᠳᠦᠪᠲᠦ ᠲᠤᠬᠤᠨᠢᠭᠤᠯᠭ᠎ᠠ ᠶᠢᠨ ᠲᠣᠭᠯᠠᠯᠲᠠ ᠶᠢ ᠰᠤᠨᠢᠷᠬᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠥᠨ ︵ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠬᠠᠷᠠᠭᠠᠯᠵᠠᠯ ᠢ ᠬᠦᠷᠲᠡᠭᠴᠢ︶᠂ ᠨᠠᠮ ᠤᠨ ᠭᠡᠰᠢᠭᠦᠨ ᠤ ᠭᠤᠤᠯᠠᠬᠤ ᠡᠷᠦᠬᠡ ᠡᠷᠳᠡᠨᠢᠳᠠᠯᠠᠢ ᠶᠢᠨ ᠬᠢ ᠪᠤᠯᠤᠨ ᠬᠠᠲᠠᠪᠴᠢ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ ᠶᠢ ᠪᠤᠯᠭᠤᠭᠠᠨ ᠲᠤᠬᠤᠨᠢᠭᠤᠯᠤᠭᠰᠠᠨ ᠪᠠᠶᠢᠨ᠎ᠠ᠃      ᠵᠡᠭᠦᠨ ᠬᠠᠲᠠᠪᠴᠢ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠤᠭᠠᠯᠠᠭᠰᠠᠨ ᠬᠤᠷᠠᠯ ᠨᠢ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠵᠤ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠶᠢ ᠡᠭᠦᠳᠦᠨ ᠰᠢᠯᠢᠳᠡᠭ ᠢ ᠬᠦᠭᠡᠭᠡᠴᠡᠯᠳᠦᠬᠦ ᠠᠵᠢᠯ ᠤᠨ ᠬᠠᠷᠠᠯᠲᠠ ᠪᠣᠯᠣᠨ ᠠᠵᠢᠯᠲᠠᠨ ᠠᠵᠢᠯᠴᠢᠨ ᠢᠶᠠᠷ ᠭᠤᠣᠯ ᠪᠣᠯᠭᠠᠭᠰᠠᠨ ᠠᠵᠢᠯ ᠤᠨ ᠤᠳᠤᠷᠢᠳᠤᠮᠵᠢ ᠳᠤ ᠰᠠᠭᠤᠷᠢᠯᠠᠵᠤ᠂ ᠠᠵᠢᠯᠲᠠᠨ ᠠᠵᠢᠯᠴᠢᠨ ᠳᠤ ᠦᠢᠯᠡᠴᠢᠯᠡᠬᠦ ᠰᠠᠭᠤᠷᠢᠨ ᠭᠠᠵᠠᠷ ᠢ ᠴᠢᠨᠠᠷ ᠰᠠᠶᠢᠲᠠᠢ ᠪᠠᠶᠢᠭᠤᠯᠬᠤ ᠶᠢ ᠤᠯᠤᠰ ᠲᠥᠷᠥ ᠶᠢᠨ ᠡᠭᠦᠷᠭᠡ ᠪᠠᠨ ᠭᠦᠢᠴᠡᠳᠬᠡᠬᠦ ᠪᠤᠯᠤᠨ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠡᠷᠴᠢᠮᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠠᠩ ᠣᠯᠠᠨ ᠰᠤᠨᠢᠷᠬᠠᠯ ᠲᠠᠢ᠂ ᠤᠳᠬ᠎ᠠ ᠠᠭᠤᠯᠭ᠎ᠠ ᠲᠠᠢ ᠰᠣᠶᠣᠯ᠂ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠶᠠᠩᠵᠤ ᠶᠢᠨ ᠬᠦᠳᠡᠯᠭᠡᠭᠡᠨ ᠢᠶᠠᠷ ᠬᠥᠲᠥᠯᠥᠮᠵᠢ ᠪᠤᠯᠭᠠᠨ᠂ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠤᠭᠠᠯᠠᠭᠰᠠᠨ ᠬᠤᠷᠠᠯ ᠤᠨ ᠲᠠᠲᠠᠬᠤ ᠬᠦᠴᠦᠨ ᠪᠠ ᠨᠢᠭᠲᠠᠷᠠᠭᠤᠯᠬᠤ ᠬᠦᠴᠦᠨ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号