ᠬᠠᠳᠠᠪᠴᠢ ᠪᠠᠯᠭᠠᠰᠤ ᠨᠢ ᠡᠬᠦᠯᠡᠨᠴᠢᠷ ᠳᠠᠪᠴᠡᠩ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠥᠪᠯᠡᠷᠡᠩᠭᠦᠶ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠷᠤᠪᠡ
ᠨᠡᠶᠢᠲᠡᠯᠡᠭᠰᠡᠨ ᠴᠠᠭ᠄
2024/6/4
      ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠲᠤ ᠪᠠᠷ ᠴᠡᠴᠡᠭᠯᠡᠨ ᠬᠥᠭᠵᠢᠬᠦ ᠶᠢᠨ ᠲᠥᠯᠥᠭᠡ᠂ ᠣᠶᠢᠷ᠎ᠠ ᠳᠤ᠂  ᠵᠡᠬᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤ ᠨᠢ ︽ᠨᠠᠮ ᠤᠨ ᠠᠴᠢ ᠳᠤ ᠳᠠᠯᠠᠷᠬᠠᠵᠦ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠨ᠎ᠠ︾ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠠᠷ ᠭᠤᠤᠯ ᠰᠡᠳᠦᠪ ᠪᠣᠯᠭᠠᠭᠰᠠᠨ         ︽ᠠᠨᠠᠷ ᠤᠨ ᠦᠷ᠎ᠡ︾ ᠬᠢᠴᠢᠶᠡᠯ ᠤᠨ ᠲᠠᠩᠬᠢᠮ ᠤᠨ ᠡᠬᠦᠯᠡᠨᠴᠢᠷ ᠳᠠᠪᠴᠡᠩ ᠢᠶᠠᠷ ᠪᠢᠴᠢᠯ ᠨᠠᠮ ᠤᠨ ᠬᠢᠴᠢᠶᠡᠯ ᠢ ᠰᠢᠭᠤᠳ ᠨᠡᠪᠲᠡᠷᠡᠭᠦᠯᠪᠡ᠃ ᠠᠵᠢᠯᠯᠠᠭ᠎ᠠ ᠨᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ︽ᠰᠦᠯᠵᠢᠶᠡᠨ ᠳᠡᠭᠡᠷ᠎ᠡ︾ ᠨᠢ ᠬᠠᠳᠠᠪᠴᠢ ᠪᠠᠯᠭᠠᠰᠤᠨ ᠤ ᠬᠠᠮᠲᠤᠷᠠᠭᠰᠠᠨ ᠪᠦᠷᠢᠯᠳᠦᠬᠦᠨ ᠨᠢᠭᠡᠴᠡ᠂ ᠪᠠᠯᠭᠠᠰᠤ ᠵᠢᠴᠢ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤ ᠨᠠᠮ ᠤᠨ ᠭᠡᠰᠢᠬᠦᠳ᠂ ︽ᠰᠦᠯᠵᠢᠶᠡᠨ ᠭᠠᠳᠠᠨᠠᠬᠢ︾ ᠨᠢ ᠪᠠᠯᠭᠠᠰᠤᠨ ᠤ ᠬᠠᠷᠢᠶ᠎ᠠ ᠣᠷᠣᠨ ᠤ ᠦᠨᠳᠦᠰᠦᠨ ᠱᠠᠲᠤᠨ ᠤ  ᠮᠠᠯᠴᠢᠨ ᠲᠥᠯᠥᠭᠡᠯᠡᠭᠴᠢ ᠶᠢ ᠤᠷᠢᠵᠤ ᠨᠠᠮ ᠤᠨ ᠬᠢᠴᠢᠶᠡᠯ ᠤᠷᠤᠭᠰᠠᠨ ᠪᠠᠶᠢᠨ᠎ᠠ᠃      ᠨᠠᠮ ᠤᠨ ᠬᠢᠴᠢᠶᠡᠯ ᠤᠨ ᠰᠢᠭᠤᠳ ᠨᠡᠪᠳᠡᠷᠡᠬᠦᠯᠭᠡ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠨᠥᠬᠦᠷ ᠠᠴᠠ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠬᠤᠪᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠣᠶᠢᠯᠠᠭᠠᠬᠤ ᠪᠠᠷ ᠭᠤᠣᠯ ᠠᠭᠤᠯᠭ᠎ᠠ ᠪᠣᠯᠭᠠᠵᠤ᠂ ᠨᠠᠷᠢᠨ ᠪᠣᠳᠠᠲᠠᠢ ᠲᠡᠦᠬᠡᠨ ᠮᠠᠲ᠋ᠧᠷᠢᠶᠠᠯ ᠂ ᠰᠢᠨ᠎ᠡ ᠰᠣᠷᠭᠤᠭ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠠᠴᠠ ᠬᠥᠭᠵᠢᠯ ᠴᠡᠴᠡᠭᠯᠡᠯ ᠤᠨ ᠡᠯ᠎ᠡ ᠱᠠᠳᠤ ᠦᠶ᠎ᠡ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠣᠯᠤᠨ ᠠᠵᠠ ᠲᠣᠬᠢᠶᠠᠯ ᠢ ᠠᠮᠢᠳᠤᠯᠢᠭ ᠢᠶᠠᠷ ᠶᠠᠷᠢᠨ ᠳᠠᠶᠢᠯᠪᠤᠷᠢᠯᠠᠵᠦ᠂ ᠨᠠᠮ ᠤᠨ ᠭᠡᠰᠢᠭᠦᠨ ᠺᠠᠳ᠋ᠷᠴᠤᠳ ᠲᠤ ᠥᠪᠥᠷ ᠮᠣᠩᠭᠤᠯ ᠤᠨ ᠶᠠᠮᠠᠷᠪᠠ ᠴᠠᠭ ᠦᠶ᠎ᠡ ᠶᠢᠨ ᠠᠵᠢᠯ ᠪᠣᠯᠤᠨ ᠬᠥᠭᠵᠢᠯᠲᠡ ᠳᠤ ᠴᠥᠮ ᠨᠠᠮ ᠤᠨ ᠲᠥᠪ ᠬᠤᠷᠢᠶᠠᠨ ᠤ ᠳᠡᠮᠵᠢᠯᠭᠡ ᠪᠠ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠪᠠᠶᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠠᠬᠢ ᠴᠢᠬᠤᠯᠠ ᠴᠢᠨᠠᠷ ᠢ  ᠴᠢᠬᠤᠯᠠᠴᠢᠯᠠᠨ ᠶᠠᠷᠢᠭᠰᠠᠨ ᠪᠠᠶᠢᠨ᠎ᠠ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠣᠨᠣᠯ ᠤᠨ ᠮᠡᠳᠡᠯᠭᠡ ᠪᠠᠨ ᠪᠠᠬᠢᠵᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠨᠠᠩ ᠭᠦᠨᠵᠡᠭᠡᠶ ᠲᠠᠨᠢᠵᠤ ᠣᠶᠢᠯᠠᠭᠠᠯᠲᠠ ᠲᠠᠢ ᠪᠣᠯᠤᠭᠰᠠᠨ ᠪᠥᠭᠡᠳ ᠣᠯᠠᠨ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠶ ᠬᠠᠯᠠᠮᠵᠢᠯᠠᠯ ᠪᠠ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠮᠡᠳᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠤᠯᠠᠮ ᠨᠢᠭᠡ ᠠᠯᠬᠤᠮ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ  ᠶᠢ ᠮᠡᠳᠡᠷᠡᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠶᠢ ᠱᠠᠭᠠᠷᠳᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ ᠬᠠᠲᠠᠪᠴᠢ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ       ︽ᠠᠨᠠᠷ ᠤᠨ ᠦᠷ᠎ᠡ︾ ᠬᠢᠴᠢᠶᠡᠯ ᠤᠨ ᠲᠠᠩᠬᠢᠮ ᠤᠨ ᠡᠬᠦᠯᠡᠨᠴᠢᠷ ᠳᠠᠪᠴᠡᠩ ᠤᠨ ᠦᠢᠯᠡᠳᠦᠯ ᠴᠢᠳᠠᠪᠤᠷᠢ ᠪᠣᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号