ᠰᠠᠮᠠᠢ ᠰᠤᠮᠤ ᠨᠢ ᠭᠤᠣᠯ ᠮᠦᠷᠡᠨ ᠨᠠᠭᠤᠷ ᠴᠦᠬᠦᠷᠦᠮ ᠤᠨ ᠤᠷᠴᠢᠨ ᠳᠤᠭᠤᠷᠢᠨ ᠢ ᠬᠠᠮᠠᠭᠠᠯᠠᠬᠤ ᠬᠠᠪᠤᠷ ᠤᠨ ᠤᠯᠠᠷᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/6/4
      ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠦᠨᠡᠨᠬᠦ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠷᠴᠢᠨ ᠳᠤᠭᠤᠷᠢᠨ ᠢ ᠬᠠᠮᠠᠭᠠᠯᠠᠬᠤ ᠠᠵᠢᠯ ᠢ ᠪᠠᠶᠢᠩᠭᠤᠵᠢᠭᠤᠯᠬᠤ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 24  ᠤ ᠡᠳᠦᠷ᠂ ᠰᠠᠮᠠᠢ ᠰᠤᠮᠤ ᠨᠢ ᠭᠤᠣᠯ ᠮᠥᠷᠡᠨ ᠨᠠᠭᠤᠷ ᠴᠥᠭᠦᠷᠥᠮ ᠤᠨ ᠤᠷᠴᠢᠨ ᠳᠤᠭᠤᠷᠢᠨ ᠢ ᠬᠠᠮᠠᠭᠠᠯᠠᠬᠤ ᠬᠠᠪᠤᠷ ᠤᠨ ᠤᠯᠠᠷᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠡᠢ᠃      ᠴᠡᠭᠴᠡᠯᠡᠨ ᠵᠠᠰᠠᠬᠤ ᠶᠠᠪᠤᠴᠠ ᠳᠤ᠂ ᠺᠠᠳ᠋ᠷ ᠠᠵᠢᠯᠲᠠᠨ ᠵᠢᠭᠰᠠᠭᠠᠨ ᠪᠠᠶᠢᠴᠠᠭᠠᠬᠤ᠂ ᠴᠢᠩᠭ᠎ᠠ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠴᠡᠭᠴᠡᠯᠡᠨ ᠵᠠᠰᠠᠬᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠡᠭᠡᠳᠦ ᠳᠣᠣᠷᠠᠳᠤ ᠤᠷᠤᠰᠬᠠᠯ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠭᠤᠣᠯ ᠤᠨ ᠭᠠᠳᠠᠷᠭᠤ᠂ ᠭᠤᠣᠯ ᠤᠨ ᠡᠷᠭᠢ᠂ ᠭᠤᠤ ᠰᠤᠪᠠᠭ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠤᠭᠰᠠᠨ᠂ ᠳᠤᠷ᠎ᠠ ᠪᠠᠷ ᠢᠶᠠᠨ ᠮᠠᠯᠲᠠᠭᠰᠠᠨ᠂ ᠭᠤᠤ ᠰᠤᠪᠠᠭ ᠤᠨ ᠳᠣᠲᠣᠷ᠎ᠠ ᠬᠤᠭ ᠨᠣᠪᠰᠢ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠷ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠤᠭ ᠨᠣᠪᠰᠢ ᠪᠠ ᠭᠤᠣᠯ ᠤᠨ ᠭᠠᠳᠠᠷᠭᠤ ᠶᠢᠨ ᠬᠥᠪᠥᠮᠡᠯ ᠪᠣᠳᠠᠰ ᠢ ᠪᠦᠬᠦ ᠲᠠᠯ᠎ᠠ ᠪᠠᠷ ᠴᠡᠪᠡᠷᠯᠡᠵᠦ᠂ ᠭᠤᠣᠯ ᠮᠦᠷᠡᠨ ᠨᠠᠭᠤᠷ ᠴᠦᠬᠦᠷᠦᠮ ᠤᠨ ᠬᠤᠶᠠᠷ ᠡᠷᠭᠢ ᠶᠢᠨ ᠠᠷᠢᠭᠤᠨ ᠴᠡᠪᠡᠷ ᠪᠠᠶᠢᠬᠤ ᠶᠢ ᠦᠨᠡᠨᠬᠦ ᠪᠠᠳᠤᠯᠠᠵᠦ᠂ ︽ᠤᠰᠤ ᠲᠤᠩᠭᠠᠯᠠᠭ᠂ ᠡᠷᠭᠢ ᠨᠣᠭᠤᠭᠠᠨ᠂ ᠦᠵᠡᠮᠵᠢ ᠰᠠᠶᠢᠬᠠᠨ︾  ᠦᠵᠡᠰᠭᠦᠯᠡᠩᠳᠦ ᠰᠠᠶᠢᠬᠠᠨ ᠭᠤᠤᠯ ᠮᠦᠷᠡᠨ ᠨᠠᠭᠤᠷ ᠴᠦᠬᠦᠷᠦᠮ ᠤᠨ ᠤᠷᠴᠢᠨ ᠳᠤᠭᠤᠷᠢᠨ ᠲᠠᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠢ ᠦᠷᠭᠦᠯᠵᠢᠯᠡᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠭᠤᠣᠯ ᠮᠥᠷᠡᠨ ᠢᠶᠠᠨ ᠬᠠᠶᠢᠷᠠᠯᠠᠵᠤ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠨᠡᠶᠢᠭᠡᠮ ᠳᠠᠶᠠᠭᠠᠷ ᠢᠶᠠᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠠᠵᠢᠯ ᠢ ᠠᠩᠬᠠᠷᠬᠤ᠂ ᠳᠡᠮᠵᠢᠬᠦ᠂ ᠣᠷᠣᠯᠴᠠᠬᠤ ᠶᠢ ᠢᠳᠡᠪᠬᠢᠲᠡᠢ ᠪᠣᠶ ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ᠂ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ᠂ ᠬᠠᠮᠲᠤ ᠶᠢᠨ ᠬᠦᠴᠦᠨ ᠢ ᠨᠢᠭᠲᠠᠷᠠᠭᠤᠯᠬᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号