ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠠᠮᠠᠭᠠᠯᠠᠵᠤ᠂ ᠣᠯᠠᠨ ᠲᠦᠮᠡᠨ ᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ ᠰᠠᠶᠢᠨ ᠰᠠᠶᠢᠬᠠᠨ ᠦᠵᠡᠯᠲᠡ ᠲᠠᠢ | ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠠᠮᠠᠢ ᠰᠤᠮᠤ ᠨᠢ ᠬᠠᠤᠯᠢ ᠴᠠᠭᠠᠵᠠ ᠶᠢᠨ ᠭᠠᠵᠠᠷ᠂ ᠬᠢᠯᠢ ᠶᠢᠨ | ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ᠱᠠᠨ ᠶᠢᠨ ᠪᠠᠶᠠᠨᠬᠦ᠋ᠭᠡᠪᠦᠷ ᠠᠭᠤᠷᠬᠠᠶ ᠶᠢᠨ ᠦᠢᠯᠡᠰ ᠤᠨ ᠺᠣᠮᠫᠠᠨᠢ᠂ | ᠦᠵᠦᠭᠦᠷ ᠤᠨ ᠬᠤᠳᠳᠤᠭ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠭ᠎ᠠ ᠶᠢᠨ ᠬᠥᠨᠳᠡᠯᠡᠨ ᠪᠢᠴᠢᠭᠡᠰᠦ | ᠡᠯᠭᠦᠵᠦ᠂ ᠠᠵᠤ ᠠᠬᠤᠶᠢᠯᠠᠯ ᠤᠨ ᠠᠵᠢᠯᠲᠠᠨ ᠪᠠ ᠥᠷᠭᠡᠨ ᠣᠯᠠᠨ ᠰᠠᠭᠤᠭᠠᠯᠢ ᠠᠷᠠᠳ ᠲᠤ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ | ︽ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠶ | ᠬᠤᠪᠢ ᠲᠠᠷᠬᠠᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ | ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ | ᠬᠠᠷᠢᠶᠠᠲᠤ ᠣᠷᠣᠨ ᠤ ᠠᠵᠤ ᠠᠬᠤᠶᠢᠯᠠᠯ ᠤᠨ ᠠᠵᠢᠯᠲᠠᠨ᠂ ᠰᠠᠭᠤᠭᠠᠯᠢ ᠠᠷᠠᠳ ᠣᠯᠠᠨ ᠤ ᠬᠠᠤᠯᠢ ᠪᠠᠷ ᠵᠠᠰᠠᠬᠤ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠠᠮᠠᠢ ᠰᠤᠮᠤ ᠨᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ | ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠮᠢᠨ ᠬᠡᠷᠡᠭ | ᠡᠭᠦᠰᠬᠦ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠬᠠᠤᠯᠢ ᠪᠠᠷ | ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃ |