ᠠᠯᠲᠠᠨᠬᠢᠯᠢ ᠰᠤᠮᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/6/4
      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠠᠯᠲᠠᠨᠬᠢᠯᠢ ᠰᠤᠮᠤ          ︽ᠬᠤᠨᠢᠴᠢᠨ ᠢ ᠬᠠᠮᠢᠶᠠᠷᠴᠤ᠂ ᠠᠵᠢᠯᠴᠢᠳ ᠢ ᠠᠩᠬᠠᠷᠴᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ︾ ᠤᠨ ᠠᠷᠭ᠎ᠠ ᠪᠣᠳᠣᠯᠭ᠎ᠠ ᠶᠢᠨ ᠲᠣᠭᠤᠷᠢᠨ ᠳᠤ ᠬᠢᠵᠢᠭ ᠢ ᠰᠡᠷᠭᠡᠶᠢᠯᠡᠨ ᠡᠵᠡᠮᠳᠡᠬᠦ ᠲᠣᠣᠷ ᠢ ᠲᠠᠰᠤᠷᠠᠯᠲᠠ ᠦᠭᠡᠢ ᠨᠢᠭᠲᠠ ᠰᠦᠯᠵᠢᠵᠦ᠂ ᠰᠢᠨ᠎ᠡ ᠠᠷᠭ᠎ᠠ ᠬᠡᠮᠵᠢᠶ᠎ᠡ ᠠᠪᠴᠤ᠂ ᠦᠨᠡᠨᠬᠦ ᠬᠦᠴᠦ ᠣᠷᠣᠭᠤᠯᠵᠤ᠂ ᠪᠥᠬᠦ ᠰᠤᠮᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠳᠣᠪᠤᠶᠢᠯᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠭᠦᠨᠴᠡ ᠲᠠᠢ ᠪᠤᠯᠭᠠᠪᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠮᠤ᠂ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠤᠮᠤᠨ ᠤ ᠲᠡᠰ ᠲᠠᠪᠬᠤᠷᠭ᠎ᠠ ᠳᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠲᠠᠰ ᠳᠠᠪᠬᠤᠷᠭ᠎ᠠ ᠳᠤ ᠭᠠᠴᠠᠭᠠᠨ ᠳᠠᠷᠤᠭ᠎ᠠ ︵ᠨᠡᠶᠢᠭᠡᠮ ᠲᠣᠭᠤᠷᠢᠭ ᠤᠨ ᠡᠷᠬᠢᠯᠡᠭᠴᠢ︶ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ︽1+1+5︾  ᠶᠢᠨ ᠬᠡᠯᠪᠡᠷᠢ ᠪᠠᠷ ᠵᠣᠬᠢᠶᠠᠨ ᠪᠠᠶᠢᠭᠤᠯᠵᠤ᠂       ᠰᠤᠮᠤ᠂ ᠭᠠᠴᠠᠭ᠎ᠠ ︵ᠨᠡᠶᠢᠭᠡᠮ ᠲᠣᠭᠤᠷᠢᠭ︶  ᠂ ᠲᠤᠤᠷᠴᠢᠯᠠᠭᠰᠠᠨ ᠲᠤᠭᠤᠶᠢᠯᠠᠩ ᠤᠨ ︽1+5 +18︾  ᠵᠢᠨ‌‍ᠬᠡᠯᠪᠡᠷᠢ ᠪᠠᠷ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠣᠶ ᠪᠤᠯᠭᠠᠪᠠ᠃ ᠵᠢᠯ ᠤᠨ ᠡᠬᠢᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠳᠡᠭᠡᠷ᠎ᠡ ᠨᠢᠭᠡ ᠵᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠤᠰ ᠵᠢᠯ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ᠭᠠᠴᠠᠭ᠎ᠠ ᠨᠡᠶᠢᠭᠡᠮ ᠲᠣᠭᠤᠷᠢᠭ ᠪᠣᠯᠣᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠯᠤᠭ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠪᠢᠴᠢᠭ ᠲᠤᠭᠳᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ ᠨᠠᠷᠢᠯᠢᠭᠵᠢᠭᠤᠯᠪᠠ᠃      ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠶᠢᠷᠡᠭᠦᠯᠪᠡ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠨᠠᠮ ᠵᠠᠰᠠᠭ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ︾ ᠠᠵᠢᠯ ᠤᠨ ᠵᠠᠷᠴᠢᠮ ᠢ ᠪᠠᠷᠢᠮᠲᠠᠯᠠᠨ᠂  ᠬᠦᠳᠡᠯᠭᠡᠭᠡᠨ ᠤ       ᠭᠠᠵᠠᠷ᠂ ᠤᠬᠠᠭᠤᠯᠭ᠎ᠠ ᠶᠢᠨ ᠰᠠᠮᠪᠠᠷ᠎ᠠ᠂ ᠳᠡᠯᠭᠡᠴᠡ᠂ ᠭᠠᠷ ᠤᠲᠠᠰᠤᠨ ᠤ ᠪᠢᠴᠢᠯ ᠦᠵᠦᠭᠦᠷ᠂ ᠤᠬᠠᠭᠤᠯᠭ᠎ᠠ ᠶᠢᠨ ᠬᠠᠭᠤᠳᠠᠰᠤ ᠵᠡᠷᠭᠡ ᠠᠴᠢᠶᠠᠯᠠᠪᠤᠷᠢ ᠶᠢ ᠭᠦᠢᠴᠡᠳ ᠬᠡᠷᠡᠭᠯᠡᠵᠦ᠂ ︽ᠰᠦᠯᠵᠢᠶᠡᠨ ᠳᠡᠭᠡᠷᠡᠬᠢ︾ ᠵᠠᠭᠤᠴᠢᠯᠠᠭᠤᠷ ᠤᠨ ᠠᠷᠭ᠎ᠠ ᠮᠠᠶ᠋ᠢᠭ ᠪᠠ ︽ᠰᠦᠯᠵᠢᠶᠡᠨ ᠭᠠᠳᠠᠨᠠᠬᠢ︾ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠪᠠᠷᠢᠯ ᠢ ᠪᠥᠬᠦ ᠲᠠᠯ᠎ᠠ ᠪᠠᠷ ᠤᠶᠠᠯᠳᠤᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠰᠦᠯᠵᠢᠶᠡᠨ ᠳᠡᠭᠡᠷ᠎ᠡ᠂ ᠸᠢᠴᠠᠲ᠂ ᠲᠢᠺ ᠲᠤᠺ ᠵᠡᠷᠭᠡ ᠲᠠᠪᠴᠠᠩ ᠢ ᠭᠦᠢᠴᠡᠳ ᠠᠰᠢᠭᠯᠠᠨ᠂ ᠳᠡᠭᠡᠳᠦ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ 15 ᠤᠳᠠᠭ᠎ᠠ ᠳᠠᠮᠵᠢᠭᠤᠯᠤᠨ ᠲᠠᠷᠬᠠᠭᠠᠪᠠ᠃ ᠬᠠᠪᠤᠷ ᠤᠨ ᠤᠯᠠᠷᠢᠯ ᠤᠨ  ᠬᠠᠰᠢᠶᠠᠯᠠᠭ᠎ᠠ᠂ ᠭᠠᠯ  ᠤᠨ ᠰᠡᠷᠭᠡᠶᠢᠯᠡᠯᠳᠡ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠯᠳᠡ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠡᠷᠦᠬᠡ ᠳᠤ ᠣᠷᠣᠵᠤ᠂ ᠡᠷᠡᠭᠦᠯ ᠮᠡᠨᠳᠤ ᠶᠢᠨ ᠲᠤᠬᠠᠢ  ᠤᠬᠠᠭᠤᠯᠭ᠎ᠠ ᠬᠢᠵᠤ᠂ ᠨᠢᠭᠡ ᠡᠷᠤᠭᠡ ᠪᠠᠷ ᠶᠠᠪᠤᠵᠤ ᠨᠢᠭᠡ ᠦᠷ᠎ᠡ ᠪᠦᠲᠦᠮᠵᠢ ᠣᠯᠵᠤ᠂ ᠨᠢᠭᠡ ᠡᠷᠤᠭᠡ ᠪᠠᠷ ᠣᠷᠣᠵᠤ ᠨᠢᠭᠡ ᠶᠢ ᠬᠠᠪᠰᠤᠷᠴᠤ᠂ ᠤᠬᠠᠭᠤᠯᠭ᠎ᠠ ᠳᠠᠶᠢᠴᠢᠯᠠᠯᠲᠠ ᠶᠢᠨ ᠤᠯᠠᠨ ᠡᠰᠢᠵᠢᠯᠲᠡ᠂ ᠤᠯᠠᠨ ᠠᠷᠭ᠎ᠠ ᠵᠠᠮ᠂ ᠤᠯᠠᠨ ᠬᠥᠮᠥᠨ ᠳᠤ ᠪᠦᠷᠬᠦᠭᠦᠯᠬᠦ ᠶᠢ ᠠᠬᠢᠭᠤᠯᠵᠤ᠂ ᠤᠯᠠᠨ ᠲᠦᠮᠡᠨ ᠤ ᠮᠡᠳᠡᠯᠭᠡ ᠰᠤᠷᠬᠤ᠂ ᠬᠤᠯᠤᠭᠠᠨ᠎ᠠ ᠶᠢᠨ ᠬᠢᠵᠢᠭ ᠢ ᠮᠡᠳᠡᠬᠦ᠂ ᠡᠷᠡᠭᠦᠯ ᠮᠡᠨᠳᠤ ᠶᠢ ᠴᠢᠬᠤᠯᠠᠴᠢᠯᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ  ᠤᠷᠴᠢᠨ ᠠᠬᠤᠢ ᠶᠢ ᠪᠤᠢ ᠪᠤᠯᠭᠠᠪᠠ᠃      ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ︽ᠢᠯᠴᠢ︾ ᠲᠠᠢ ᠪᠤᠯᠭᠠᠪᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ  ᠲᠤᠤᠷᠴᠢᠯᠠᠭᠰᠠᠨ ᠬᠠᠮᠢᠶᠠᠷᠤᠭᠴᠢ ᠶᠢᠨ ᠪᠤᠯᠪᠠᠰᠤᠷᠠᠯ ᠢ ᠥᠷᠨᠢᠭᠦᠯᠵᠦ᠂ ᠬᠤᠯᠤᠭᠠᠨ᠎ᠠ   ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠨᠳᠦᠰᠦᠨ ᠮᠡᠳᠡᠯᠭᠡ  ᠂ ᠳᠡᠩᠰᠡᠯᠡᠨ ᠲᠡᠮᠳᠡᠭᠯᠡᠬᠦ᠂ ᠬᠥᠳᠡᠯᠦᠩᠭᠦᠢ ᠪᠠᠷ          ᠰᠢᠨᠡᠳᠬᠡᠬᠦ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠠᠵᠢᠯᠲᠠᠨ ᠤ ᠬᠠᠮᠢᠶᠠᠷᠤᠯᠲᠠ ᠵᠡᠷᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠤᠷᠵᠢᠯ ‍ᠤᠨ‌ᠠᠵᠢᠯᠲᠠᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ ᠡᠭᠦᠨ ᠤ ᠬᠠᠮᠲᠤ᠂  ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠤᠷᠢᠵᠤ ᠰᠤᠮᠤ ᠨᠡᠶᠢᠭᠡᠮ ᠲᠣᠭᠤᠷᠢᠭ ᠤᠨ ᠭᠤᠣᠯᠳᠠᠯᠭ᠎ᠠ ᠲᠠᠢ ᠲᠠᠯᠠᠪᠤᠷ ᠲᠤ ᠪᠠᠶᠢᠴᠠᠭᠠᠯᠲᠠ ᠬᠢᠯᠭᠡᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠣᠭᠤᠳᠠᠯ ᠲᠠᠷᠬᠠᠭᠠᠬᠤ ᠶᠢᠨ ᠬᠠᠮᠲᠤ ᠬᠤᠯᠤᠭᠠᠨ᠎ᠠ ᠶᠢᠨ ᠬᠢᠵᠢᠭ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠡᠬᠢ᠂ ᠬᠠᠯᠳᠠᠪᠤᠷᠢᠯᠠᠬᠤ ᠠᠷᠭ᠎ᠠ ᠵᠠᠮ᠂ ᠠᠮᠠᠷᠬᠠᠨ ᠬᠠᠯᠳᠠᠪᠤᠷᠢᠯᠠᠭᠳᠠᠬᠤ ᠬᠥᠮᠥᠰ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠵᠡᠷᠭᠡ ᠮᠡᠳᠡᠯᠭᠡ ᠶᠢ ᠤᠯᠠᠨ ᠲᠦᠮᠡᠨ ᠳᠤ ᠲᠠᠶᠢᠯᠪᠤᠷᠢᠯᠠᠵᠤ᠂ ᠤᠯᠠᠨ ᠲᠦᠮᠡᠨ ᠳᠤ ᠰᠣᠨᠣᠰᠴᠤ ᠣᠶᠢᠯᠠᠭᠠᠬᠤ᠂ ᠰᠤᠷᠴᠤ ᠴᠢᠳᠠᠬᠤ᠂ ᠬᠡᠷᠡᠭᠯᠡᠵᠦ ᠴᠢᠳᠠᠬᠤ᠂ ᠦᠷ᠎ᠡ ᠠᠰᠢᠭ ᠣᠯᠬᠤ ᠬᠡᠷᠡᠭᠯᠡᠭᠡᠨ ᠤ ᠮᠡᠷᠭᠡᠵᠢᠯ ᠢ ᠤᠯᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号