ᠠᠯᠲᠠᠨᠬᠢᠯᠢ ᠰᠤᠮᠤ 2024 ᠣᠨ ᠤ ᠡᠷᠦᠬᠡ ᠶᠢᠨ ᠴᠡᠷᠢᠭ ᠤᠨ ᠴᠤᠭᠯᠠᠷᠠᠯ ᠤᠨ ᠪᠠᠶᠢᠴᠠᠭᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
      ᠡᠷᠦᠬᠡ ᠶᠢᠨ ᠴᠡᠷᠢᠭ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠨ᠂ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠠᠯᠲᠠ ᠶᠢ ᠡᠭᠦᠷᠭᠡ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠡᠩᠨᠡᠭᠡ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠦᠯᠤᠬᠡ᠂ 5 ᠰᠠᠷ᠎ᠠ ᠶᠢᠨ 15 ᠤ ᠡᠳᠦᠷ᠂ ᠠᠯᠲᠠᠨᠬᠢᠯᠢ ᠰᠤᠮᠤ 2024 ᠣᠨ ᠤ ᠡᠷᠦᠬᠡ ᠶᠢᠨ ᠴᠡᠷᠢᠭ ᠢ ᠴᠡᠭᠴᠡᠯᠡᠨ ᠪᠠᠶᠢᠭᠤᠯᠵᠤ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠠᠯᠲᠠ ᠨᠦᠬᠦᠷ ᠬᠤᠷᠠᠯ ᠳᠤ ᠣᠷᠣᠯᠴᠠᠪᠠ᠃ ᠬᠤᠷᠠᠯ ᠨᠢ ᠰᠦᠷ ᠵᠢᠪᠬᠤᠯᠠᠩᠲᠠᠢ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠠᠯᠲᠠᠨᠬᠢᠯᠢ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠡᠷᠦᠬᠡ ᠶᠢᠨ ᠴᠡᠷᠢᠭ ᠤᠨ ᠣᠷᠣᠯᠴᠠᠭᠰᠠᠤᠨ ᠤᠨ ᠪᠡᠶ᠎ᠡ ᠶᠢᠨ ᠭᠠᠷᠤᠯ ᠢ ᠰᠢᠯᠭᠠᠨ  ᠪᠠᠶᠢᠴᠠᠭᠠᠪᠠ᠃      ᠠᠯᠲᠠ ᠨᠦᠬᠦᠷ ᠠᠴᠠ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠠᠯᠲᠠ ᠪᠠ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠪᠣᠯ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠡᠷᠦᠬᠡ ᠶᠢᠨ ᠴᠡᠷᠢᠭ ᠤᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠮᠥᠨ︔ ᠥᠷᠭᠡᠨ ᠤᠯᠠᠨ ᠡᠷᠦᠭᠡ ᠶᠢᠨ ᠴᠡᠷᠢᠭ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠲᠠᠨᠢᠵᠤ᠂ ᠰᠢᠷᠭᠠᠭᠤ ᠬᠠᠲᠠᠭᠤᠵᠢᠯᠲᠠᠢ ᠪᠤᠯᠪᠠᠰᠤᠷᠠᠨ᠂ ᠬᠡᠪ ᠴᠢᠨᠠᠷ ᠢᠶᠠᠨ ᠳᠡᠭᠡᠭᠰᠢᠯᠡᠭᠦᠯᠵᠦ᠂ ᠵᠠᠷᠯᠢᠭ ᠵᠢᠯᠣᠭᠤᠳᠤᠯᠭ᠎ᠠ ᠶᠢ ᠲᠠᠭᠠᠨ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠨᠡᠨᠴᠢ ᠰᠢᠳᠤᠷᠭᠤ ᠡᠩᠨᠡᠭᠡ ᠶᠢ ᠦᠨᠡᠨ ᠬᠦ ᠳᠠᠪᠲᠠᠨ ᠪᠣᠯᠪᠠᠰᠤᠷᠠᠭᠤᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠬᠤᠷᠠᠯ ᠤᠨ ᠳᠠᠷᠠᠭ᠎ᠠ᠂ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠪᠥᠬᠦ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠳᠤ ᠣᠷᠣᠯᠴᠠᠭᠤᠯᠵᠤ᠂ ᠪᠣᠯᠪᠠᠰᠤᠷᠠᠯ ᠤᠨ ᠳᠤᠮᠳᠠᠬᠢ ᠤᠯᠤᠰ ᠲᠥᠷᠥ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠨ᠂ ᠡᠷᠦᠬᠡ ᠶᠢᠨ ᠴᠡᠷᠢᠭ ᠤᠨ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠪᠦᠬᠦ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠰᠠᠭᠤᠷᠢ ᠪᠣᠯᠪᠠᠰᠤᠷᠠᠯ᠂ ᠳᠠᠭᠠᠷᠢᠯᠲᠠ ᠶᠢ ᠰᠡᠷᠭᠡᠶᠢᠯᠡᠬᠦ ᠡᠩᠨᠡᠭᠡ ᠵᠡᠷᠭᠡ ᠬᠢᠴᠢᠶᠡᠯ ᠤᠨ ᠲᠣᠭᠤᠷᠢᠨ ᠳᠤ ᠪᠣᠯᠪᠠᠰᠤᠷᠠᠯ ᠥᠷᠨᠢᠭᠦᠯᠵᠦ᠂ ᠡᠷᠦᠬᠡ ᠶᠢᠨ ᠴᠡᠷᠢᠭ ᠤᠨ ᠣᠯᠠᠨ ᠶᠠᠩᠵᠤ ᠶᠢᠨ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠂ ᠡᠷᠬᠢᠮ ᠨᠠᠨᠳᠢᠨ ᠲᠤᠷᠰᠢᠯᠭ᠎ᠠ  ᠶᠢ ᠬᠤᠷᠠᠮᠳᠤᠭᠤᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤ ᠲᠤᠰ ᠤᠲᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ  ᠪᠤᠯᠭᠠᠨ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ  ᠠᠬᠢᠭᠤᠯᠤᠨ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠠᠮᠤᠷ ᠲᠦᠪᠰᠢᠨ ᠡᠮᠬᠢ ᠳᠢᠭᠯᠢᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号