ᠤᠯᠢᠶᠠᠰᠤᠲᠠᠢ ᠪᠠᠯᠭᠠᠰᠤ ᠶᠢᠨ ᠠᠩᠭᠠᠷ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠡᠬᠢᠯᠯᠡᠲᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/6/5
      5 ᠰᠠᠷ᠎ᠠ ᠶᠢᠨ 7 ᠤ ᠡᠳᠦᠷ᠂ ᠤᠯᠢᠶᠠᠰᠤᠲᠠᠢ ᠪᠠᠯᠭᠠᠰᠤ ᠶᠢᠨ ᠠᠩᠭᠠᠷ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠡᠬᠢᠯᠯᠡᠲᠡ ᠶᠢᠨ ᠶᠤᠰᠤᠯᠠᠯ ᠠᠩᠭᠠᠷ ᠭᠠᠴᠠᠭᠠᠨ ᠳᠤ ᠶᠠᠪᠤᠭᠳᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠶᠣᠰᠣᠯᠠᠯ ᠳᠤ ᠣᠷᠣᠯᠴᠠᠭᠰᠠᠨ ᠪᠥᠭᠡᠳ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠶᠢᠨ ᠫᠠᠶᠢᠰᠠ ᠶᠢ ᠰᠡᠬᠦᠪᠡ  ᠃      ᠠᠵᠤ ᠦᠶᠯᠡᠰ ᠤᠨ ᠰᠠᠭᠤᠷᠢᠨ ᠭᠠᠵᠠᠷ ᠲᠤ᠂ ᠡᠯ᠎ᠡ ᠭᠠᠵᠠᠷ ᠠᠴᠠ ᠮᠠᠯ ᠬᠤᠳᠠᠯᠳᠤᠨ ᠠᠪᠤᠭᠰᠠᠨ ᠪᠠ ᠪᠣᠷᠣᠯᠠᠭᠤᠯᠵᠤ ᠪᠠᠶᠢᠭ᠎ᠠ ᠬᠤᠳᠠᠯᠳᠤᠭᠠᠴᠢᠨ ᠪᠣᠯᠤᠨ ᠮᠠᠯᠴᠢᠳ ᠨᠠᠰᠢ ᠴᠠᠰᠢ ᠰᠦᠯᠵᠢᠯᠳᠦᠵᠦ᠂ ᠦᠨ᠎ᠡ ᠬᠠᠶᠠᠯᠴᠠᠬᠤ ᠳᠤᠮᠳᠠ ᠨᠢᠭᠡ ᠪᠦᠯᠦᠭ ᠠᠷᠠᠯᠵᠢᠶ᠎ᠠ ᠤᠷᠤᠭᠰᠢᠲᠠᠶ ᠪᠦᠲᠦᠵᠦ ᠪᠠᠶᠢᠯ᠎ᠠ᠃  ᠰᠣᠯᠢᠯᠴᠠᠭᠠᠨ ᠤ ᠵᠠᠬ᠎ᠠ ᠪᠠᠷ ᠣᠷᠤᠬᠤ ᠮᠠᠯ ᠲᠡᠭᠡᠭᠡᠪᠦᠷᠢᠯᠡᠬᠦ ᠲᠡᠷᠭᠡ ᠠᠵᠢᠯᠲᠠᠨ ᠤ ᠵᠢᠯᠣᠭᠤᠳᠤᠯᠭ᠎ᠠ ᠳᠣᠤᠷ᠎ᠠ ᠡᠮᠬᠢ ᠵᠢᠷᠤᠮ ᠲᠠᠢ ᠪᠠᠷ ᠵᠠᠬ᠎ᠠ ᠳᠡᠯᠭᠡᠭᠦᠷ ᠲᠤ ᠣᠷᠣᠨ᠎ᠠ  ᠃      ᠣᠶᠢᠯᠠᠭᠠᠭᠰᠠᠨ ᠢᠶᠠᠷ᠂ ᠠᠩᠭᠠᠷ ᠭᠠᠴᠠᠭᠠᠨ ᠤ ᠥᠯᠵᠡᠶ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠪᠠᠶᠢᠭᠤᠯᠤᠭᠳᠠᠭᠰᠠᠨ ᠠᠩᠬᠠᠨ ᠤ ᠡᠳᠦᠷ ᠲᠤ ᠪᠠᠨ 400 ᠭᠠᠷᠤᠶ ᠲᠤᠯᠤᠭᠠᠢ ᠪᠤᠲᠠ ᠪᠤᠭ ᠮᠠᠯ ᠠᠷᠠᠯᠵᠢᠶᠠᠯᠠᠵᠠᠶ᠃      ᠣᠳᠣᠬᠠᠨ ᠳᠤ᠂ ᠠᠩᠭᠠᠷ ᠭᠠᠴᠠᠭ᠎ᠠ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠨᠠᠶᠢᠳᠠᠨ ᠲᠡᠵᠢᠭᠡᠯᠭᠡᠬᠦ ᠦᠶᠯᠡᠴᠢᠯᠡᠭᠡᠨ ᠤ ᠲᠢᠩᠬᠢᠮ᠂ ᠬᠠᠰᠢᠶ᠎ᠠ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠵᠢᠴᠢ ᠢᠵᠢ ᠪᠥᠷᠢᠳᠦᠭᠰᠡᠨ ᠬᠢᠵᠢᠭ ᠪᠠᠶᠢᠴᠠᠭᠠᠬᠤ ᠲᠠᠰᠤᠭ᠂ ᠬᠡᠭᠡᠯᠳᠦᠭᠦᠯᠭᠡ ᠶᠢᠨ ᠲᠠᠰᠤᠭ᠂ ᠲᠡᠵᠢᠭᠡᠯ ᠡᠪᠡᠰᠦ ᠪᠣᠷᠳᠤᠭ᠎ᠠ ᠵᠢᠭᠤᠷᠠᠬᠤ ᠲᠠᠰᠤᠭ ᠵᠡᠷᠭᠡ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠭᠠᠴᠠᠭ᠎ᠠ ᠨᠢ ᠵᠠᠬ᠎ᠠ ᠳᠡᠯᠭᠡᠭᠦᠷ ᠤᠨ ᠦᠨ᠎ᠡ ᠠᠴᠠ ᠬᠢᠮᠲᠠ ᠦᠨ᠎ᠡ ᠪᠠᠷ ᠲᠣᠰ ᠭᠠᠴᠠᠭᠠᠨ ᠤ ᠪᠠᠨ ᠮᠠᠯᠴᠢᠳ ᠲᠤ ᠤᠷᠢᠳᠠᠪᠠᠷ ᠦᠶᠯᠡᠴᠢᠯᠡᠬᠦ  ᠶᠢᠨ ᠬᠠᠮᠲᠤ ᠵᠡᠭᠦᠨ ᠦᠵᠦᠮᠦᠴᠢᠨ ᠬᠤᠰᠢᠭᠤᠨ ᠤ ᠥᠯᠵᠡᠶ ᠣᠲᠣ ᠦᠶ᠎ᠡ ᠶᠢᠨ ᠮᠠᠯ ᠠᠵᠤ ᠠᠬᠤᠶ ᠶᠢᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠲᠠᠢ 10 ᠵᠢᠯ ᠤᠨ ᠬᠤᠭᠤᠴᠠᠭ᠎ᠠ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠤᠷᠪᠠᠨ ᠵᠢᠯ ᠤᠨ ᠳᠣᠲᠣᠷ᠎ᠠ ᠨᠠᠷᠠᠲᠤ ᠲᠡᠮᠳᠡᠭ ᠢ ᠡᠭᠦᠳᠬᠦ ᠪᠠ ᠳᠥᠷᠪᠡᠨ ᠵᠢᠯ ᠤᠨ ᠳᠣᠲᠣᠷ᠎ᠠ ᠦᠷ᠎ᠡ ᠠᠰᠢᠭ ᠤᠯᠬᠤ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ︿︿ᠪᠡᠯᠴᠢᠭᠡᠷᠯᠡᠭᠦᠯᠬᠦ + ᠭᠠᠳᠠᠨ᠎ᠠ ᠪᠠᠨ ᠬᠠᠰᠢᠶᠠᠯᠠᠨ ᠲᠡᠵᠢᠭᠡᠬᠦ + ᠬᠠᠰᠢᠶᠠᠯᠠᠨ ᠲᠡᠵᠢᠭᠡᠬᠦ﹀﹀ ᠵᠠᠭᠪᠤᠷ ᠶᠣᠰᠣᠭᠠᠷ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠶᠯᠡᠰ ᠢ ᠨᠢᠭᠡ ᠬᠡᠷ ᠨᠢᠭᠡ ᠡᠷᠦᠬᠡ ᠪᠠᠷ ᠲᠠᠷᠠᠬᠠᠶ ᠡᠵᠡᠩᠨᠡᠵᠦ ᠪᠠᠶᠢᠭᠰᠠᠨ ᠠᠴᠠ ᠡᠷᠴᠢᠮᠵᠢᠭᠦᠯᠦᠨ ᠬᠡᠪᠴᠢᠶᠡᠵᠢᠭᠦᠯᠦᠨ ᠬᠥᠭᠵᠢᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号