ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/5
      5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ  ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠡᠾᠦ᠋ᠢ ᠢᠦᠢ ᠨᠡᠷ ᠮᠠᠨ ᠤ ᠬᠤᠰᠢᠭᠤᠨ ᠳᠤ ᠭᠦᠨᠵᠡᠭᠡᠶᠢᠷᠡᠨ ᠬᠥᠳᠡᠯᠮᠦᠷᠢᠴᠢᠳ ᠤᠨ ᠪᠠᠶᠠᠷ ᠤᠨ ︿︿ᠬᠢᠯᠢ ᠬᠢᠵᠠᠭᠠᠷ ᠲᠤ ᠬᠠᠯᠠᠮᠵᠢ ᠬᠦᠷᠭᠡᠬᠦ ᠠᠶᠠᠯᠠᠯ﹀﹀ ᠪᠠᠶᠢᠴᠠᠭᠠᠨ ᠰᠤᠳᠤᠯᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠠᠶᠢᠮᠠᠭ ᠤᠨ ᠠᠵᠢᠯᠴᠢᠨ ‍ᠤ‌‍ᠶᠡᠷᠥᠩᠬᠡᠢ ᠡᠪᠯᠡᠯ ᠤᠨ ᠲᠡᠷᠢᠭᠦᠯᠡᠭᠴᠢ ᠴᠧ ᠱᠤ᠋ ᠷᠦᠩ᠂ ᠠᠶᠢᠮᠠᠭ ᠤᠨ ᠠᠵᠢᠯᠴᠢᠨ ᠤ ᠶᠡᠷᠥᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠰᠦᠨ ᠡᠾᠦ᠋ᠢ ᠸᠧᠨ᠂ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠡᠷᠬᠡ ᠪᠣᠯᠣᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠠᠷᠠᠳ ᠤᠨ ᠲᠥᠯᠥᠭᠡᠯᠡᠭᠴᠢᠳ‌‍ᠦᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠬᠠᠮᠲᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠵᠠᠩ ᠡᠾᠦ᠋ᠢ ᠢᠦᠢ ᠨᠡᠷ ᠪᠣᠭᠤᠮᠲᠠ ᠶᠢᠨ ᠠᠵᠢᠯᠴᠢᠨ  ᠤ ᠡᠪᠯᠡᠯ᠂ ᠠᠵᠢᠯᠲᠠᠨ ᠠᠵᠢᠯᠴᠢᠨ ᠤ ᠥᠷᠦᠭᠡ᠂ ᠠᠵᠢᠯᠲᠠᠨ ᠠᠵᠢᠯᠴᠢᠨ ᠤ ᠨᠣᠮ ᠤᠨ ᠥᠷᠥᠭᠡ᠂ ᠠᠵᠢᠯᠲᠠᠨ ᠠᠵᠢᠯᠴᠢᠨ ᠤ ᠠᠵᠢᠯᠯᠠᠭᠠᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠵᠢᠴᠢ ᠦᠶᠯᠡᠳᠦᠯ ᠢᠶᠠᠨ ᠪᠠᠳᠠᠷᠠᠭᠤᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠠᠵᠢᠯᠴᠢᠨ ᠤ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠶᠢ ᠰᠣᠨᠢᠷᠬᠠᠪᠠ᠃      ᠲᠣᠭᠯᠠᠯᠲᠠ ᠳᠠᠭᠤᠰᠤᠭᠰᠠᠨ ᠤ ᠳᠠᠷᠠᠭ᠎ᠠ᠂ ᠵᠠᠩ ᠡᠾᠦ᠋ᠢ ᠢᠦᠢ ᠨᠡᠷ ᠤᠷᠢᠳ ᠬᠤᠵᠢᠳ ᠬᠠᠲᠠᠪᠴᠢ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ᠂ ᠵᠡᠭᠦᠨ ᠬᠠᠲᠠᠪᠴᠢ ᠪᠣᠭᠤᠮᠲᠠ ᠶᠢᠨ ᠬᠤᠯᠪᠤᠭᠠᠯᠠᠨ ᠪᠠᠶᠢᠴᠠᠭᠠᠬᠤ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠵᠤ ᠲᠣᠬᠤᠨᠢᠭᠤᠯᠪᠠ  ᠃      ᠬᠢᠯᠢ ᠶᠢᠨ ᠲᠣᠮᠢᠯᠠᠭᠰᠠᠨ ᠰᠠᠯᠪᠤᠷᠢ ᠳᠤ᠂ ᠵᠠᠩ ᠡᠾᠦ᠋ᠢ ᠢᠦᠢ ᠨᠤᠲᠤᠭ ᠳᠡᠪᠢᠰᠬᠡᠷ ᠬᠢᠯᠢ ᠬᠢᠨᠵᠠᠭᠠᠷ ᠢᠶᠠᠨ ᠰᠠᠬᠢᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ᠂ ᠤᠯᠤᠰ ᠣᠷᠣᠨ ᠢᠶᠠᠨ ᠬᠠᠮᠠᠭᠠᠯᠠᠬᠤ ᠡᠮᠦᠨ᠎ᠡ ᠹᠷᠣᠨᠲ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠳᠤ ᠲᠠᠯᠠᠷᠬᠠᠯ ᠢᠯᠡᠷᠬᠡᠶᠢᠯᠡᠨ ᠬᠠᠶᠢᠷ᠎ᠠ ᠬᠠᠯᠠᠮᠵᠢ ᠬᠦᠷᠭᠡᠭᠰᠡᠨ ᠪᠠᠶᠢᠨ᠎ᠠ᠃ ᠲᠡᠷᠡ ᠬᠡᠯᠡᠬᠦ  ᠳᠡᠭᠡᠨ᠂ ᠵᠢᠯ ᠲᠤᠷᠰᠢ ᠬᠢᠯᠢ ᠬᠢᠵᠠᠭᠠᠷ ᠢ ᠰᠠᠬᠢᠨ ᠬᠠᠮᠠᠭᠠᠯᠠᠬᠤ ᠳᠤ ᠲᠡᠰᠪᠦᠷᠢ ᠲᠡᠪᠴᠢᠶᠡᠷᠢ ᠱᠠᠭᠠᠷᠳᠠᠭᠳᠠᠬᠤ ᠪᠠᠷ ᠪᠠᠷᠠᠬᠤ ᠥᠬᠡᠶ ᠨᠠᠩ ᠴᠤ ᠲᠡᠳᠡᠨ ᠤ ᠥᠪᠡᠷ ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠳᠠᠭᠠᠨ ᠦᠨᠡᠨ ᠰᠡᠳᠬᠢᠯ ᠠᠴᠠ ᠪᠠᠨ ᠬᠠᠨᠳᠤᠬᠤ ᠶᠢ ᠱᠠᠭᠠᠷᠳᠠᠨ᠎ᠠ᠃ ᠡᠮᠦᠨ᠎ᠡ ᠹᠷᠣᠨᠲ ᠤᠨ ᠠᠷᠠᠳ ᠤᠨ ᠴᠠᠭᠳᠠᠭ᠎ᠠ ᠨᠠᠷ ᠤᠨ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠪᠣᠯᠤᠨ ᠬᠤᠪᠢ ᠨᠡᠮᠡᠷᠢ ᠶᠢ ᠴᠥᠮ ᠪᠠᠲᠤ ᠴᠡᠭᠡᠵᠢᠯᠡᠬᠦ ᠶᠣᠰᠣᠲᠠᠶ       ᠭᠡᠪᠡ  ᠃      ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠲᠤ᠂ ᠵᠠᠩ ᠡᠾᠦ᠋ᠢ ᠢᠦᠢ ᠨᠡᠷ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠠᠯᠠᠨ ᠪᠠᠶᠢᠴᠠᠭᠠᠬᠤ ᠠᠰᠠᠷ ᠤᠨ ᠬᠡᠰᠡᠭ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ  ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠵᠢᠭᠠᠬᠤ ᠳᠠᠭᠠᠨ᠂ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠪᠣᠯ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ︿︿ᠬᠥᠭᠦᠷᠭᠡᠨ ᠪᠠᠬᠢᠯᠡᠯᠲᠡ﹀﹀ ᠮᠥᠨ᠂ ᠪᠠᠰᠠ ᠴᠤ ᠬᠢᠯᠢ ᠶᠢᠨ ᠠᠵᠢᠯᠳᠠᠨ ᠠᠵᠢᠯᠴᠢᠨ ᠤᠯᠠᠨ ᠲᠦᠮᠡᠨ ᠳᠤ ᠦᠢᠯᠡᠴᠢᠯᠡᠬᠦ ᠴᠢᠬᠤᠯᠠ ᠰᠠᠭᠤᠷᠢᠨ ᠭᠠᠵᠠᠷ ᠮᠥᠨ᠂ ᠪᠣᠭᠤᠮᠲᠠ ᠶᠢᠨ ᠠᠵᠢᠯᠴᠢᠨ ᠤ ᠡᠪᠯᠡᠯ ᠦᠢᠯᠡᠴᠢᠯᠡᠭᠡᠨ ᠤ ᠴᠢᠳᠠᠪᠬᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠢᠯᠡᠴᠢᠯᠡᠭᠡᠨ ᠤ ᠠᠭᠤᠯᠭ᠎ᠠ ᠪᠠᠨ ᠥᠷᠭᠡᠳᠬᠡᠵᠦ᠂ ᠬᠢᠯᠢ ᠶᠢᠨ ᠠᠵᠢᠯᠳᠠᠨ ᠠᠵᠢᠯᠴᠢᠨ ᠤᠯᠠᠨ ᠲᠦᠮᠡᠨ ᠤ ᠤᠯᠠᠨ ᠬᠦᠷᠢᠶ᠎ᠡ᠂ ᠤᠯᠠᠨ ᠲᠡᠰ ᠳᠠᠪᠬᠤᠷᠭ᠎ᠠ᠂ ᠤᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠬᠢᠯᠢ ᠶᠢᠨ ᠠᠵᠢᠯᠳᠠᠨ ᠠᠵᠢᠯᠴᠢᠨ ᠤᠯᠠᠨ ᠲᠦᠮᠡᠨ ᠤ ᠤᠮᠤᠬᠰᠢᠯᠳᠦ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠢᠷᠠᠭᠤ ᠠᠯᠳᠠᠷᠲᠤ ᠰᠡᠳᠬᠢᠯᠭᠡ ᠢ ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃      ᠵᠠᠩ ᠡᠾᠦ᠋ᠢ ᠢᠦᠢ ᠨᠡᠷ ᠪᠠᠰᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠡᠷᠳᠡᠨᠢᠳᠠᠯᠠᠢ ᠶᠢ ᠲᠤᠰᠬᠠᠶᠢᠯᠠᠨ ᠪᠣᠯᠭᠤᠭᠠᠨ ᠲᠣᠬᠤᠨᠢᠭᠤᠯᠵᠤ᠂ ᠲᠡᠭᠦᠨ ᠤ ᠠᠮᠢᠳᠤᠷᠠᠯ ᠦᠶᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠷᠳᠡᠨᠢᠳᠠᠯᠠᠢ ᠶᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠶᠢᠨ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠳᠠᠭᠠᠭᠤᠯᠤᠭᠴᠢ  ᠶᠢᠨ ᠦᠶᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠬᠤ ᠶᠢ ᠵᠠᠬᠢᠪᠠ  ᠃      ᠵᠠᠩ ᠡᠾᠦ᠋ᠢ ᠢᠦᠢ  ᠴᠢᠬᠤᠯᠠᠴᠢᠯᠠᠭᠰᠠᠨ ᠨᠢ᠂ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠯᠬᠦᠮᠳᠡᠨ ᠨᠢᠭᠡᠳᠴᠦ ᠪᠦᠬᠦ ᠬᠦᠴᠦᠨ ᠢᠶᠠᠷ ᠢᠶᠠᠨ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠡᠮᠦᠨ᠎ᠡ ᠹᠷᠣᠨᠲ ᠤᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠬᠠᠷᠠᠮ ᠦᠭᠡᠢ ᠵᠣᠷᠢᠭᠤᠯᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号