ᠭᠠᠵᠠᠷ ᠰᠢᠷᠣᠢ ᠪᠠᠨ ᠠᠯᠳᠠ ᠪᠠᠷ ᠵᠦᠢᠷᠯᠡᠳᠡᠭ ᠤᠨ ᠤᠴᠢᠷ
ᠨᠡᠶᠢᠲᠡᠯᠡᠭᠰᠡᠨ ᠴᠠᠭ᠄
2024/6/6
      ᠮᠣᠩᠭᠤᠯᠴᠤᠳ ︽ᠤᠨᠠᠭᠰᠠᠨ ᠰᠢᠷᠣᠢ ᠪᠣᠯ ᠠᠯᠲᠠ ᠶᠤᠮ︾ ᠭᠡᠵᠦ ᠦᠷ᠎ᠡ ᠬᠤᠶᠢᠴᠢᠰ ᠲᠤ ᠪᠠᠨ ᠵᠠᠬᠢᠵᠤ ᠰᠤᠷᠭᠠᠳᠠᠭ᠃ ᠭᠠᠵᠠᠷ ᠰᠢᠷᠣᠢ ᠪᠠᠨ ᠠᠯᠲᠠ ᠪᠠᠷ ᠵᠦᠢᠷᠯᠡᠳᠡᠭ ᠤᠨ ᠤᠴᠢᠷ ᠶᠣᠰᠣ ᠨᠢ ᠭᠠᠵᠠᠷ ᠰᠢᠷᠣᠢ ᠶᠢᠨ ᠥᠪᠡᠷ ᠤᠨ ᠦᠷᠲᠡᠭ᠂ ᠬᠡᠷᠡᠭᠯᠡᠭᠡᠨ ᠤ ᠦᠷᠲᠡᠭ ᠢ ᠠᠯᠢ ᠡᠷᠲᠡ ᠠᠴᠠ ᠤᠬᠠᠭᠠᠷᠠᠵᠤ ᠲᠠᠨᠢᠭᠰᠠᠨ ᠳᠤ ᠪᠠᠶᠢᠭ᠎ᠠ ᠶᠤᠮ᠃ ᠮᠠᠯᠴᠢᠨ ᠬᠥᠮᠥᠨ ᠶᠠᠮᠠᠷ ᠨᠢᠭᠡᠨ ᠤᠴᠢᠷ ᠰᠢᠯᠲᠠᠭᠠᠨ ᠢᠶᠠᠷ ᠡᠳ᠋ ᠬᠥᠷᠥᠩᠭᠡ ᠦᠭᠡᠢ᠂ ᠮᠠᠯ ᠤᠨᠤᠭ᠎ᠠ ᠦᠭᠡᠢ᠂ ᠮᠥᠩᠭᠦ ᠵᠣᠭᠤᠰ ᠦᠭᠡᠢ ᠪᠣᠯᠵᠤ ᠮᠡᠳᠡᠨ᠎ᠡ᠂ ᠡᠨᠡ ᠪᠣᠯ ᠲᠥᠷ ᠴᠠᠭ ᠤᠨ ᠬᠦᠴᠢᠷᠳᠡᠯ ᠲᠡᠳᠦᠢ᠂ ᠬᠠᠷᠢᠨ ᠨᠤᠲᠤᠭ ᠤᠰᠤ ᠦᠭᠡᠢ ᠪᠠᠶᠢᠵᠤ ᠪᠤᠯᠬᠤ ᠦᠭᠡᠢ᠂ ᠨᠤᠲᠤᠭ ᠤᠰᠤ ᠦᠭᠡᠢ ᠪᠤᠯᠬᠤ ᠳᠤ ᠬᠥᠷᠪᠡᠯ ᠠᠮᠢᠳᠤᠷᠠᠬᠤ ᠶᠢᠨ ᠠᠷᠭ᠎ᠠ ᠦᠭᠡᠢ ᠪᠣᠯᠣᠨ᠎ᠠ ᠭᠡᠵᠦ ᠦᠵᠡᠳᠡᠭ᠃ ᠡᠶᠢᠮᠦ ᠠᠴᠠ ᠮᠣᠩᠭᠤᠯᠴᠤᠳ ᠠᠯᠠᠭᠠᠨ ᠴᠢᠨᠡᠭᠡᠨ ᠨᠤᠲᠤᠭ ᠢᠶᠠᠨ ᠴᠦ ᠠᠯᠠᠭ ᠨᠢᠳᠦ ᠠᠮᠢ ᠪᠡᠶ᠎ᠡ ᠲᠠᠢ ᠪᠠᠨ ᠬᠤᠯᠪᠣᠵᠤ ᠬᠠᠶᠢᠷᠠᠯᠠᠨ ᠬᠠᠮᠠᠭᠠᠯᠠᠵᠤ ᠢᠷᠡᠭᠰᠡᠨ ᠦᠦᠭᠡ ᠲᠡᠦᠬᠡᠲᠡᠢ ᠶᠤᠮ᠃      ᠮᠣᠩᠭᠤᠯᠴᠤᠳ ᠤᠨ ᠮᠠᠯᠵᠢᠬᠤ ᠰᠣᠶᠣᠯ ᠤᠨ ᠦᠨᠳᠦᠰᠦᠨ ᠬᠡᠷᠡᠭᠰᠡᠯ ᠪᠣᠯ ᠭᠠᠵᠠᠷ ᠰᠢᠷᠣᠢ᠂ ᠥᠭᠡᠷ᠎ᠡ ᠪᠠᠷ ᠬᠡᠯᠡᠪᠡᠯ ᠨᠤᠲᠤᠭ ᠪᠡᠯᠴᠢᠭᠡᠷ ᠪᠣᠯᠣᠨ᠎ᠠ᠃ ᠨᠤᠲᠤᠭ ᠪᠡᠯᠴᠢᠭᠡᠷ ᠲᠠᠢ ᠪᠣᠯ ᠮᠠᠯ ᠰᠥᠷᠥᠭ ᠲᠠᠢ ᠪᠣᠯᠵᠤ ᠪᠣᠯᠣᠨ᠎ᠠ᠂ ᠮᠠᠯ ᠰᠥᠷᠥᠭ ᠲᠠᠢ ᠪᠠᠨ ᠪᠣᠯ ᠠᠮᠢᠳᠤᠷᠠᠯ ᠢᠶᠠᠨ ᠠᠷᠭᠠᠴᠠᠭᠠᠵᠤ᠂ ᠠᠯᠭᠤᠷ ᠠᠭᠠᠵᠢᠮ ᠢᠶᠠᠷ ᠳᠡᠭᠵᠢᠷᠡᠵᠦ ᠳᠡᠶᠢᠯᠥᠨ᠎ᠡ ᠭᠡᠵᠦ ᠢᠲᠡᠭᠡᠳᠡᠭ᠂ ᠲᠡᠬᠡᠬᠦ ᠳᠤ ᠪᠠᠨ ᠨᠤᠲᠤᠭ ᠪᠡᠯᠴᠢᠭᠡᠷ ᠪᠣᠯ ᠠᠩᠬᠠᠳᠠᠭᠴᠢ᠂ ᠮᠠᠯ ᠰᠥᠷᠥᠭ ᠪᠣᠯ ᠬᠤᠶᠠᠳᠠᠭᠴᠢ ᠭᠡᠵᠦ ᠦᠵᠡᠳᠡᠭ᠃      ᠨᠡᠭᠦᠳᠡᠯ ᠮᠠᠯᠵᠢᠯ ᠤᠨ ᠠᠷᠭ᠎ᠠ ᠤᠬᠠᠭᠠᠨ ᠪᠣᠯ ᠤᠷᠲᠤ ᠤᠳᠠᠭᠠᠨ ᠣᠨ ᠵᠢᠯ ᠤᠨ ᠮᠠᠯᠵᠢᠯ ᠰᠣᠶᠣᠯ ᠤᠨ ᠦᠢᠯᠡᠳᠦᠯᠭᠡ ᠶᠢᠨ ᠶᠠᠪᠤᠴᠠ ᠳᠤ ᠬᠤᠷᠠᠮᠳᠤᠭᠤᠯᠤᠭᠰᠠᠨ ᠥᠨᠢ ᠮᠥᠩᠬᠡ ᠶᠢᠨ ᠬᠤᠪᠣᠷ ᠨᠠᠨᠳᠢᠨ ᠰᠢᠨᠵᠢᠯᠡᠬᠦ ᠤᠬᠠᠭᠠᠨᠴᠢ ᠠᠷᠭ᠎ᠠ ᠮᠡᠷᠭᠡᠵᠢᠯ ᠪᠤᠶᠤ ᠤᠯᠠᠮᠵᠢᠯᠠᠯᠲᠤ ᠥᠪ ᠰᠣᠶᠣᠯ᠂ ᠦᠨᠡᠲᠦ ᠶᠡᠭᠡ ᠥᠪ ᠬᠥᠷᠥᠩᠭᠡ ᠪᠠᠶᠢᠭ᠎ᠠ ᠳᠤ ᠣᠷᠣᠰᠢᠨ᠎ᠠ᠃ ᠠᠮᠢ ᠠᠬᠤᠢ ᠪᠠᠨ ᠬᠠᠮᠠᠭᠠᠯᠠᠨ᠂ ᠮᠠᠯ ᠰᠥᠷᠥᠭ ᠢᠶᠠᠨ ᠥᠨᠢᠷ ᠥᠰᠬᠡᠵᠦ᠂ ᠠᠳᠠᠯ ᠠᠮᠢᠳᠤᠷᠠᠯ ᠢᠶᠠᠨ ᠰᠠᠶᠢᠵᠢᠷᠠᠭᠤᠯᠤᠨ᠎ᠠ᠃ ᠪᠣᠳᠠᠲᠠᠢ ᠤᠶᠢᠯᠡ ᠠᠵᠢᠯᠯᠠᠭ᠎ᠠ ᠶᠢᠨ ᠶᠠᠪᠤᠴᠠ ᠳᠤ ᠪᠠᠶᠢᠭᠠᠯᠢ ᠠᠬᠤᠢ ᠶᠢᠨ ᠪᠤᠰᠤᠳᠴᠢ ᠵᠢᠮ᠎ᠡ ᠶᠣᠰᠣ ᠶᠢ ᠬᠥᠨᠳᠥᠤᠨᠬᠡᠵᠤ᠂ ᠪᠤᠰᠤᠳᠴᠢ ᠵᠢᠮ᠎ᠡ ᠶᠣᠰᠣ ᠪᠠᠷ ᠠᠵᠢᠯᠯᠠᠬᠤ ᠶᠢ ᠪᠠᠷᠢᠮᠲᠠᠯᠠᠨ᠂ ᠵᠢᠯ ᠤᠨ ᠲᠦᠷᠪᠡᠨ ᠤᠯᠠᠷᠢᠯ ᠳᠤ ᠡᠪᠡᠰᠦ ᠪᠡᠯᠴᠢᠭᠡᠷ᠂ ᠤᠰᠤ ᠴᠠᠰᠤ ᠪᠠᠨ ᠳᠠᠭᠠᠵᠤ᠂ ᠬᠥᠮᠥᠨ ᠲᠠᠢ᠂ ᠮᠠᠯ ᠲᠠᠢ ᠪᠠᠨ ᠨᠡᠭᠦᠳᠡᠯᠯᠡᠵᠦ ᠠᠮᠢᠳᠤᠷᠠᠳᠠᠭ ᠪᠢᠯᠡ᠃ ᠥᠨᠥᠳᠥᠷ ᠪᠢᠳᠡ ᠥᠩᠭᠡᠷᠡᠭᠰᠡᠨ ᠤ ᠨᠡᠭᠦᠳᠡᠯ ᠮᠠᠯᠵᠢᠯ᠂ ᠨᠡᠭᠦᠳᠡᠯ ᠠᠮᠢᠳᠤᠷᠠᠯ ᠤᠨ ᠢᠶᠠᠨ ᠤᠯᠠ ᠮᠥᠷ ᠢ ᠠᠵᠢᠭᠯᠠᠨ ᠰᠢᠨᠵᠢᠬᠦ ᠳᠤ ᠦᠢᠯᠡᠳᠪᠦᠷᠢᠯᠡᠯ ᠤᠨ ᠬᠡᠷᠡᠭᠰᠡᠯ ᠪᠠ ᠠᠮᠢᠳᠤᠷᠠᠯ ᠤᠨ ᠬᠡᠷᠡᠭᠰᠡᠯ ᠨᠢ ᠴᠦ ᠪᠦᠷ ᠭᠠᠵᠠᠷ ᠨᠤᠲᠤᠭ᠂ ᠠᠮᠢ ᠠᠬᠤᠢ ᠪᠠᠨ ᠬᠠᠮᠠᠭᠠᠯᠠᠬᠤ ᠪᠠᠷ ᠤᠷᠢᠳᠠᠴᠢ ᠨᠥᠬᠦᠴᠡᠯ ᠪᠤᠯᠭᠠᠭᠰᠠᠨ ᠵᠣᠬᠢᠬᠤ ᠬᠡᠮᠵᠢᠶᠡᠨ ᠤ ᠰᠢᠨᠵᠢᠯᠡᠬᠦ ᠤᠬᠠᠭᠠᠨᠴᠢ᠂ ᠳᠥᠬᠦᠮ ᠠᠪᠰᠠᠷᠬᠠᠨ ᠡᠳ᠋ᠯᠡᠯ ᠬᠡᠷᠡᠭᠰᠡᠯ ᠪᠠᠶᠢᠭ᠎ᠠ ᠶᠢ ᠲᠣᠳᠣᠷᠬᠠᠢ ᠣᠯᠵᠤ ᠬᠠᠷᠠᠨ᠎ᠠ᠃      ᠥᠪᠡᠷᠰᠡᠳ ᠤᠨ ᠣᠷᠣᠨ ᠰᠠᠭᠤᠴᠠ ᠪᠠᠨ ᠬᠥᠷᠲᠡᠯ᠎ᠡ ᠨᠤᠲᠤᠭ ᠤᠨ ᠢᠶᠠᠨ ᠮᠣᠳᠣ ᠪᠤᠷᠭᠠᠰᠤ᠂ ᠮᠠᠯ ᠤᠨ ᠢᠶᠠᠨ ᠨᠣᠣᠰᠣ ᠬᠢᠯᠭᠠᠰᠤ ᠪᠠᠷ ᠡᠭᠦᠳᠦᠨ ᠪᠦᠲᠦᠭᠡᠭᠰᠡᠨ ᠢᠶᠠᠷ ᠥᠪᠡᠷ ᠤᠨ ᠦᠷᠳᠡᠭ ᠢᠶᠠᠷ ᠳᠣᠣᠷ᠎ᠠ᠂ ᠬᠡᠷᠡᠭᠯᠡᠭᠡᠨ ᠤ ᠦᠷᠳᠡᠭ ᠢᠶᠠᠷ ᠥᠨᠳᠥᠷ᠂ ᠤᠯᠠᠷᠢᠯ ᠤᠨ ᠣᠨᠴᠠᠯᠢᠭ ᠲᠤ ᠲᠣᠬᠢᠷᠠᠭᠤᠯᠤᠨ ᠵᠠᠷᠤᠵᠤ ᠬᠡᠷᠡᠭᠯᠡᠵᠦ ᠪᠤᠯᠳᠠᠭ᠂ ᠬᠦᠢᠲᠡᠨ ᠳᠤ ᠳᠤᠯᠠᠭᠠᠨ᠂ ᠬᠠᠯᠠᠭᠤᠨ ᠳᠤ ᠰᠡᠷᠢᠭᠦᠨ᠂ ᠰᠠᠯᠬᠢ ᠪᠣᠷᠣᠭᠠᠨ ᠠᠴᠠ ᠠᠶᠤᠳᠠᠭ ᠦᠭᠡᠢ᠂ ᠠᠪᠴᠤ ᠶᠠᠪᠤᠬᠤ ᠳᠤ ᠬᠥᠩᠭᠡᠨ ᠠᠪᠰᠠᠷᠬᠠᠨ᠂ ᠪᠠᠷᠢᠵᠤ ᠪᠣᠰᠬᠠᠬᠤ᠂ ᠪᠠᠭᠤᠯᠭᠠᠬᠤ᠂ ᠠᠴᠢᠬᠤ ᠳᠤ ᠳᠦᠬᠦᠮ ᠪᠠᠶᠢᠳᠠᠭ ᠢᠶᠠᠷ ᠢᠶᠠᠨ ᠳᠡᠯᠡᠬᠡᠢ ᠨᠡᠶᠢᠲᠡ ᠶᠢᠨ ᠠᠩᠬᠠᠷᠤᠯ ᠳᠤ ᠬᠦᠷᠴᠦ ᠪᠤᠢ︔ ᠮᠠᠯ ᠤᠨ ᠢᠶᠠᠨ ᠬᠠᠰᠢᠶ᠎ᠠ ᠰᠠᠷᠠᠪᠴᠢᠨ ᠳᠤ ᠰᠢᠷᠣᠢ ᠴᠢᠯᠠᠭᠤ ᠬᠡᠷᠡᠭᠰᠡᠬᠦ ᠦᠭᠡᠢ᠂ ᠤᠳᠠ ᠪᠤᠷᠭᠠᠰᠤ ᠪᠠᠷ ᠵᠠᠮᠪᠠ ᠬᠥᠷᠥᠵᠤ ᠬᠡᠷᠡᠭᠯᠡᠳᠡᠭ᠂ ᠨᠡᠭᠦᠬᠦ ᠳᠤ ᠪᠠᠨ ᠬᠤᠮᠢᠭᠠᠳ ᠶᠠᠪᠤᠴᠢᠬᠠᠨ᠎ᠠ︔ ᠤᠯᠠᠭ᠎ᠠ ᠲᠡᠷᠭᠡ ᠪᠠᠨ ᠠᠭᠤᠯᠠ ᠶᠢᠨ ᠢᠶᠠᠨ ᠮᠣᠳᠣ ᠪᠠᠷ ᠰᠢᠭᠠᠴᠢᠬᠠᠨ᠎ᠠ᠂ ᠬᠦᠷᠳᠦ ᠶᠢ ᠨᠢ ᠬᠥᠷᠲᠡᠯ᠎ᠡ ᠭᠠᠵᠠᠷ ᠨᠤᠲᠤᠭ ᠲᠤ ᠬᠠᠯᠠ ᠦᠭᠡᠢ ᠭᠡᠵᠦ ᠮᠣᠳᠣ ᠪᠠᠷ ᠦᠢᠯᠡᠳᠦᠭᠰᠡᠨ ᠪᠠᠶᠢᠳᠠᠭ︔ ᠨᠡᠭᠦᠳᠡᠯ ᠪᠠᠭᠤᠳᠠᠯ ᠬᠢᠬᠦ ᠳᠤ ᠪᠠᠨ ᠬᠠᠰᠠᠭ ᠤᠨ ᠢᠶᠠᠨ ᠬᠠᠭᠤᠴᠢᠨ ᠮᠥᠷ ᠢᠶᠠᠷ ᠶᠠᠪᠤᠬᠤ ᠦᠭᠡᠢ᠂ ᠭᠤᠣᠳᠠᠴᠢᠬᠠᠨ᠎ᠠ᠂ ᠬᠠᠯᠴᠠᠭᠠᠶᠢᠷᠠᠴᠢᠬᠠᠨ᠎ᠠ ᠭᠡᠵᠦ ᠥᠭᠡᠷ᠎ᠡ ᠭᠠᠵᠠᠷ ᠢᠶᠠᠷ ᠶᠠᠪᠤᠳᠠᠭ︔ ᠵᠠᠷᠤᠵᠤ ᠬᠡᠷᠡᠭᠯᠡᠭᠰᠡᠨ ᠤᠶᠠᠭ᠎ᠠ᠂ ᠪᠤᠯᠠᠭᠠᠷᠢ᠂ ᠭᠠᠳᠠᠰᠤ ᠶᠢᠨ ᠢᠶᠠᠨ ᠣᠷᠣ ᠨᠦᠬᠡ ᠶᠢ ᠵᠠᠪᠠᠯ ᠴᠢᠭᠵᠢᠵᠦ ᠪᠥᠭᠯᠡᠳᠡᠭ᠂ ᠴᠢᠭᠵᠢᠬᠦ ᠦᠭᠡᠢ ᠪᠣᠯ ᠡᠵᠢ ᠳᠡᠯᠡᠬᠡᠢ ᠡᠮᠵᠡᠭᠯᠡᠨ᠎ᠡ ᠬᠡᠳᠡᠭ︔ ᠨᠡᠭᠦᠵᠦ ᠶᠠᠪᠤᠬᠤ ᠳᠤ ᠪᠠᠨ ᠭᠡᠷ ᠤᠨ ᠢᠶᠠᠨ ᠪᠠᠭᠤᠴᠠᠨ ᠳᠡᠭᠡᠷᠡᠬᠢ ᠬᠤᠭ ᠨᠣᠪᠰᠢ ᠶᠢ ᠦᠯᠡᠳᠡᠭᠡᠯ ᠦᠭᠡᠢ ᠱᠦᠭᠦᠷᠳᠡᠵᠦ ᠴᠡᠪᠡᠷᠯᠡᠳᠡᠭ ᠶᠣᠰᠣ ᠭᠤᠷᠢᠮ ᠲᠠᠢ ᠪᠠᠶᠢᠳᠠᠭ᠃ ᠡᠳᠡᠬᠡᠷ ᠰᠠᠶᠢᠬᠠᠨ ᠬᠡᠪ ᠰᠤᠷᠲᠠᠯ᠂ ᠵᠠᠩ ᠳᠠᠳᠬᠠᠯ ᠨᠢ ᠪᠦᠷ ᠪᠠᠶᠢᠭᠠᠯᠢ ᠠᠬᠤᠢ᠂ ᠨᠤᠲᠤᠭ ᠤᠰᠤ ᠪᠠᠨ ᠬᠠᠮᠠᠭᠠᠯᠠᠬᠤ ᠳᠤ ᠠᠰᠢᠭᠲᠠᠢ᠂ ᠤᠳᠤ ᠴᠦ ᠭᠡᠰᠡᠨ ᠰᠤᠷᠤᠯᠴᠠᠭᠤᠰᠢᠲᠡᠢ ᠰᠢᠯᠢᠳᠡᠭ ᠵᠦᠢᠯᠡᠰ ᠪᠤᠯᠬᠤ ᠶᠤᠮ᠃
 
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号