5 ᠰᠠᠷ᠎ᠠ ᠶᠢᠨ 27 ᠤ ᠡᠳᠦᠷ ᠠᠴᠠ 28 ᠤ ᠡᠳᠦᠷ᠂ ᠬᠤᠰᠢᠭᠤ ᠠᠵᠢᠯᠲᠡᠨ ᠠᠵᠢᠯᠴᠢᠨ ᠤ ᠶᠡᠷᠦᠩᠬᠡᠢ | ᠡᠪᠯᠡᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠠᠴᠠ ᠬᠠᠮᠲᠤᠷᠠᠨ ᠡᠷᠭᠢᠯᠡᠵᠦ᠂ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ | ᠳᠠᠭᠠᠭᠠᠴᠢᠯᠠᠨ ᠡᠷᠭᠢᠯᠡᠭᠰᠡᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠳᠤ ᠭᠠᠪᠢᠶ᠎ᠠ | ᠵᠢᠳᠬᠦᠯ ᠦᠵᠡᠭᠦᠯᠵᠦ᠂ ᠠᠯᠤᠰ ᠤᠨ ᠰᠢᠨ᠎ᠡ ᠵᠠᠮᠨᠠᠯ ᠳᠤ ᠬᠦᠴᠦᠲᠦ ᠵᠢᠯᠤᠭᠤ ᠲᠤᠭᠲᠠᠷᠠᠭᠤᠯᠤᠨ᠂ ᠬᠥᠳᠡᠭᠡ | ᠲᠣᠰᠬᠤᠨ ᠤ ᠬᠦᠭᠵᠢᠯ ᠮᠠᠨᠳᠤᠯᠳᠠ ᠳᠤ ᠬᠦᠴᠦ ᠪᠠᠨ ᠡᠷᠭᠦᠶ᠎ᠡ︾ 2024 ᠣᠨ ᠤ ᠪᠥᠬᠦ ᠬᠤᠰᠢᠭᠤᠨ ᠤ ᠠᠮᠢᠲᠠᠨ ᠤ | ᠬᠢᠵᠢᠭ ᠰᠡᠷᠭᠡᠶᠢᠯᠡᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠭᠦᠨ ᠦᠵᠦᠮᠦᠴᠢᠨ | ᠬᠤᠰᠢᠭᠤᠨ ᠳᠤ ᠶᠡᠪᠤᠭᠳᠠᠪᠠ᠃ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ 9 ᠰᠤᠮᠤ | ᠪᠠᠯᠭᠠᠰᠤᠨ ᠤ 27 ᠲᠤᠰᠬᠠᠢ ᠮᠡᠷᠭᠡᠵᠢᠯ ᠤᠨ ᠠᠵᠢᠯᠲᠠᠨ ᠣᠷᠣᠯᠴᠠᠵᠠᠢ᠃ ᠮᠠᠨᠳᠤᠬᠤᠪᠤᠯᠠᠭ ᠪᠠᠯᠭᠠᠰᠤ ᠲᠤᠰᠬᠠᠢ | ᠮᠡᠷᠭᠡᠵᠢᠯ ᠤᠨ ᠰᠣᠩᠭᠤᠯᠲᠠ ᠪᠠᠷ ᠲᠡᠮᠦᠷᠪᠠᠭᠠᠲᠤᠷ᠂ ᠰᠡᠴᠡᠨᠪᠢᠯᠢᠭ ᠪᠣᠯᠣᠨ ᠠᠯᠲᠠᠨᠰᠦ᠋ᠬᠡ ᠵᠡᠷᠭᠡ ᠭᠤᠷᠪᠠᠨ ᠬᠢᠵᠢᠭ | ᠰᠡᠷᠭᠡᠶᠢᠯᠡᠭᠴᠢ ᠶᠢ ᠤᠷᠤᠯᠳᠤᠭᠠᠨ ᠳᠤ ᠣᠷᠤᠯᠴᠠᠭᠤᠯᠤᠭᠰᠠᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠣᠨᠣᠯ ᠤᠨ ᠮᠡᠳᠡᠯᠭᠡ ᠶᠢᠨ ᠰᠢᠯᠭᠠᠯᠲᠠ ᠪᠠ ᠤᠷ᠎ᠠ ᠴᠢᠳᠠᠪᠤᠷᠢ ᠶᠢᠨ | ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠲᠤᠬᠠᠢ ᠶᠢᠨ ᠲᠠᠯᠠᠪᠤᠷ ᠤᠨ ᠤᠷ᠎ᠠ ᠴᠢᠳᠠᠪᠤᠷᠢ ᠶᠢᠨ | ᠠᠵᠢᠯᠯᠠᠭ᠎ᠠ ᠨᠢ ᠭᠤᠣᠯᠳᠠᠭᠤ ᠲᠠᠬᠢᠶᠠᠨ ᠳᠠᠯᠠᠪᠴᠢ ᠶᠢᠨ ᠨᠠᠮᠵᠢᠭᠤᠨ ᠰᠤᠳᠠᠯ ᠠᠴᠠ ᠴᠢᠰᠤ ᠠᠪᠬᠤ᠂ ᠲᠠᠬᠢᠶᠠᠨ ᠤ | ᠵᠢᠷᠦᠬᠡᠨ ᠠᠴᠠ ᠴᠢᠰᠤ ᠠᠪᠬᠤ᠂ ᠭᠠᠭ᠋ᠠᠢ ᠶᠢᠨ ᠬᠢᠵᠢᠭ ᠤᠨ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠬᠢᠬᠦ᠂ | ᠭᠠᠭ᠋ᠠᠢ ᠶᠢᠨ ᠨᠠᠮᠵᠢᠭᠤᠨ ᠰᠤᠳᠠᠯ ᠠᠴᠠ ᠴᠢᠰᠤ ᠠᠪᠬᠤ ᠵᠡᠷᠭᠡ ᠤᠷ᠎ᠠ ᠴᠢᠳᠠᠪᠤᠷᠢ ᠶᠢ ᠬᠢᠨᠠᠨ ᠰᠢᠯᠭᠠᠪᠠ᠃ ᠬᠤᠶᠠᠷ | ᠡᠳᠦᠷ ᠤᠨ ᠴᠢᠩᠭ᠎ᠠ ᠰᠢᠯᠭᠠᠯᠲᠠ ᠪᠠ ᠲᠤᠬᠠᠢ ᠶᠢᠨ ᠲᠠᠯᠠᠪᠤᠷ ᠤᠨ ᠴᠢᠳᠠᠪᠤᠷᠢ ᠶᠢᠨ ᠠᠵᠢᠯᠯᠠᠭᠠᠨ ᠤ ᠬᠤᠷᠴᠠ ᠰᠢᠷᠦᠭᠦᠨ | ᠰᠢᠯᠭᠠᠯᠲᠠ ᠪᠠᠷ ᠳᠠᠮᠵᠢᠭᠠᠳ᠂ ᠮᠠᠨ ᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠶᠢᠨ ᠭᠡᠰᠢᠭᠦᠳ ᠯᠠᠪᠳᠠᠭᠤᠨ | ᠪᠠᠲᠤᠲᠠᠢ ᠣᠨᠣᠯ ᠤᠨ ᠮᠡᠳᠡᠯᠭᠡ ᠪᠠ ᠪᠣᠯᠪᠠᠰᠤᠷᠠᠩᠭᠤᠢ ᠠᠵᠢᠯᠯᠠᠬᠤ ᠤᠷ᠎ᠠ ᠴᠢᠳᠠᠪᠤᠷᠢ ᠪᠠᠷ ᠢᠶᠠᠨ ᠬᠤᠪᠢ ᠬᠥᠮᠦᠨ ᠤ | ᠬᠤᠶᠠᠳᠤᠭᠠᠷ ᠳᠡᠰ ᠤᠨ ᠱᠠᠩᠨᠠᠯ ᠪᠠ ᠪᠦᠯᠬᠦᠮ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠭᠥᠷᠳᠡᠪᠡ᠃ | ᠲᠠᠷᠠᠭᠠᠴᠢ ᠶᠢᠨ ᠠᠯᠬᠤᠮ ᠳᠤ ᠬᠤᠰᠢᠭᠤ ᠶᠢ ᠲᠥᠯᠥᠭᠡᠯᠡᠨ ᠪᠥᠬᠦ ᠠᠶᠢᠮᠠᠭ ᠤᠨ ᠰᠢᠯᠭᠠᠷᠠᠭᠤᠯᠬᠤ ᠤᠷᠤᠯᠳᠤᠭᠠᠨ ᠳᠤ | ᠣᠷᠤᠯᠴᠠᠬᠤ ᠪᠠᠷ ᠪᠣᠢ᠃ |