ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠬᠠᠮᠲᠤ ᠶᠢᠨ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/6
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠢ ᠥᠷᠨᠢᠯᠲᠡ ᠶᠢ ᠠᠬᠢᠭᠤᠯᠤᠨ᠂ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠰᠤᠷᠤᠯᠴᠠᠬᠤ ᠤᠬᠠᠮᠰᠠᠷ ᠢ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠬᠤ ᠶᠢᠨ ᠲᠥᠯᠦᠭᠡ᠂ 5 ᠰᠠᠷ᠎ᠠ ᠶᠢᠨ 27 ᠤ ᠡᠳᠦᠷ ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠬᠠᠮᠲᠤ ᠪᠠᠷ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠬᠤᠷᠠᠯ ᠢ ᠨᠠᠮ ᠤᠨ ᠡᠭᠦᠷ ᠤᠨ ᠱᠦᠵᠢ ᠵᠠᠯᠪᠡ ᠡᠷᠬᠢᠯᠡᠵᠦ᠂ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠪᠡᠯᠡᠳᠬᠡᠯ ᠨᠠᠮ ᠤᠨ ᠭᠡᠰᠢᠭᠦᠨ᠂ ᠡᠯᠰᠡᠭᠳᠡᠬᠦ ᠡᠲᠡᠭᠡᠳ ᠪᠣᠯᠣᠨ ᠢᠳᠡᠪᠬᠢᠲᠡᠨ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠤᠨ ᠬᠠᠮᠢᠶ᠎ᠠ ᠪᠦᠬᠦᠢ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠵᠤᠷᠪᠤᠰ ᠳᠠᠷᠠᠭᠠᠯᠠᠨ ᠳᠠᠭᠠᠭᠤᠯᠤᠨ ᠰᠤᠷᠤᠯᠴᠠᠬᠤ ᠪᠠ ᠲᠠᠶᠢᠯᠪᠤᠷᠢᠯᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠭᠦᠯᠦᠨ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠪᠠ᠃      ᠬᠤᠷᠠᠯ ᠠᠴᠠ ︽ᠳᠦᠷᠢᠮ︾ ᠢ ᠰᠤᠷᠤᠯᠴᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠨᠥᠬᠦᠳ ᠢ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠳᠦᠷᠢᠮ ᠤᠨ ᠱᠠᠭᠠᠷᠳᠠᠯᠭ᠎ᠠ ᠶᠢ ᠠᠵᠢᠯ ᠤᠨ ᠡᠭᠦᠷᠭᠡ ᠳᠡᠭᠡᠨ ᠨᠠᠶᠢᠳᠠᠪᠤᠷᠢᠵᠢᠭᠤᠯᠤᠨ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠨᠠᠮ ᠤᠨ ᠦᠢᠯᠡᠰ ᠲᠤ ᠬᠤᠪᠢ ᠨᠡᠮᠡᠷᠢ ᠦᠵᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号