ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠡᠭᠡᠯᠵᠢᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 4 ᠤ ᠡᠳᠦᠷ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ 2024 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠡᠭᠡᠯᠵᠢᠲᠦ ᠬᠤᠷᠠᠯ ᠵᠢᠴᠢ ᠪᠥᠬᠦ ᠬᠤᠰᠢᠭᠤᠨ ᠤ ᠦᠶᠡᠷ  ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ       ᠬᠤᠷᠠᠯ᠂  ᠬᠤᠰᠢᠭᠤ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠡᠭᠡᠯᠵᠢᠲᠦ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ  ᠪᠠᠷ ᠴᠡᠭᠴᠡᠯᠡᠨ ᠵᠠᠰᠠᠬᠤ ᠠᠵᠢᠯᠯᠠᠭ᠎ᠠ ᠪᠠ ᠭᠠᠯ ᠰᠡᠷᠭᠡᠶᠢᠯᠡᠯᠲᠡ ᠶᠢᠨ ︿︿ᠠᠮᠢ ᠨᠠᠰᠤᠨ ᠤ ᠵᠠᠮ﹀﹀ ᠢ ᠨᠡᠪᠲᠡᠷᠡᠭᠦᠯᠬᠦ ᠠᠵᠢᠯ ᠤᠨ ᠪᠠᠶᠢᠷᠢᠯᠠᠭᠤᠯᠤᠯᠲᠠ‌‍ᠶᠢᠨ ᠬᠤᠷᠠᠯ ᠬᠤᠷᠠᠯᠳᠤᠭᠤᠯᠪᠠ᠃      ᠬᠤᠰᠢᠭᠤ ᠨᠠᠮ‌‍ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠣᠶᠢᠷ᠎ᠠ  ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤ ᠭᠠᠯ ᠰᠡᠷᠭᠡᠶᠢᠯᠡᠬᠦ ᠵᠥᠪᠯᠡᠯ ᠤᠨ ᠠᠯᠪᠠᠨ ᠬᠡᠷ ᠠᠴᠠ ᠠᠶᠢᠮᠠᠭ ᠤᠨ ᠭᠠᠯ ᠰᠡᠷᠭᠡᠶᠢᠯᠡᠬᠦ ᠵᠥᠪᠯᠡᠯ ᠤᠨ ᠭᠤᠷᠪᠠᠳᠤᠭᠠᠷ ᠤᠳᠠᠭᠠᠨ ᠤ ᠡᠭᠡᠯᠵᠢᠲᠦ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠭᠠᠯ ᠰᠡᠷᠭᠡᠶᠢᠯᠡᠯᠲᠡ ᠶᠢᠨ ︿︿ᠠᠮᠢ ᠨᠠᠰᠤᠨ ᠤ ᠵᠠᠮ﹀﹀ ᠢ ᠨᠡᠪᠲᠡᠷᠡᠭᠦᠯᠬᠦ ᠠᠵᠢᠯ ᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠲᠤᠰᠬᠠᠶ ᠠᠵᠢᠯ ᠢ ᠪᠣᠳᠠᠲᠠᠶ ᠳᠣᠭᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠦᠶᠡᠷ ᠢ ᠰᠡᠷᠭᠡᠶᠢᠯᠡᠬᠦ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠶ ᠶᠢᠨ ᠬᠥᠭᠵᠢᠯᠲᠡ ᠪᠣᠯᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠲᠠᠢ ᠬᠤᠯᠪᠤᠭᠳᠠᠵᠤ ᠪᠠᠶᠢᠳᠠᠭ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ︿︿ᠨᠢᠭᠡ ᠶᠢ ᠠᠯᠳᠠᠪᠠᠯ ᠨᠢᠭᠡ ᠶᠢ ᠥᠯᠥ ᠠᠯᠳᠠᠬᠤ﹀﹀ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠦᠶᠡᠷ  ᠠᠴᠠ ᠡᠮᠦᠨ᠎ᠡ ᠨᠥᠭᠡᠴᠡᠯᠡᠬᠦ ᠪᠠ ᠰᠢᠨᠡᠳᠬᠡᠨ ᠨᠥᠬᠦᠪᠥᠷᠢᠯᠡᠬᠦ ᠶᠢ ᠰᠠᠶᠢᠲᠤᠷ ᠬᠢᠵᠦ᠂ ᠴᠢᠬᠤᠯᠠ ᠴᠠᠭ ᠠᠭᠤᠷ ᠢ ᠵᠥᠪᠳᠡᠯᠴᠡᠨ ᠰᠤᠳᠤᠯᠤᠨ ᠮᠠᠭᠠᠳᠯᠠᠬᠤ᠂ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠤᠨ ᠰᠣᠷᠢᠯᠲᠠ ᠬᠢᠬᠦ᠂ ᠦᠶᠡᠷᠯᠡᠬᠦ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ  ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠤᠨ ᠠᠷᠭ᠎ᠠ ᠬᠡᠮᠵᠢᠶ᠎ᠡ ᠶᠢᠨ ᠲᠣᠭᠲᠠᠭᠠᠯᠲᠤ ᠴᠢᠨᠠᠷ᠂ ᠪᠦᠲᠦᠮᠵᠢᠲᠡᠶ ᠴᠢᠨᠠᠷ ᠢᠶᠠᠷ ᠭᠠᠮᠰᠢᠭ ᠤᠨ ᠲᠣᠭᠲᠠᠭᠠᠯᠲᠤ ᠪᠤᠰᠤ ᠴᠢᠨᠠᠷ ᠢ ᠦᠨᠡᠨ ᠬᠦ ᠠᠷᠭᠠᠴᠠᠭᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠬᠤ ᠳᠠᠭᠠᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠠᠵᠢᠯ ᠲᠥᠷᠥᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠵᠢᠴᠢ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠬᠢᠵᠢᠭᠦᠯᠬᠦ ᠬᠡᠷᠡᠭᠲᠡᠶ᠃ ᠤᠬᠠᠭᠤᠯᠭ᠎ᠠ᠂ ᠬᠥᠮᠦᠵᠢᠯ᠂ ᠰᠣᠷᠢᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ  ᠤᠨ ᠤᠬᠠᠭᠤᠯᠭ᠎ᠠ ᠶᠢ ᠠᠵᠤ ᠠᠬᠤᠶᠢᠯᠠᠯ᠂ ᠮᠠᠯᠵᠢᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ  ᠳᠤ ᠣᠷᠣᠭᠤᠯᠬᠤ ᠶᠢ ᠪᠠᠶᠢᠩᠭᠤᠵᠢᠭᠤᠯᠵᠤ᠂ ᠪᠦᠬᠦ ᠨᠡᠶᠢᠭᠡᠮ ᠳᠤ ᠠᠮᠢ ᠨᠠᠰᠤ ᠶᠢ ᠬᠠᠶᠢᠷᠠᠯᠠᠬᠤ᠂ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ︿︿ᠠᠶᠤᠯᠭᠦᠢ ᠦᠢᠯᠡᠳᠪᠦᠷᠢᠯᠡᠯ ᠤᠨ ᠰᠠᠷ᠎ᠠ﹀﹀ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号