ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2024 ᠣᠨ  ᠤ ᠵᠢᠷᠭᠤᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2024 ᠣᠨ ᠤ ᠵᠢᠷᠭᠤᠳᠤᠭᠠᠷ ᠤᠳᠠᠭᠠᠨ  ᠤ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠣᠨᠣᠯ  ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠺᠠᠳ᠋ᠷ ᠤᠨ ᠭᠡᠮᠰᠢᠯ ᠤᠬᠠᠭᠠᠷᠠᠯ ᠤᠨ ᠬᠡᠷᠡᠭ ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ ᠡᠭᠦᠨ ᠤ ᠬᠠᠮᠲᠦ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠮᠡᠳᠡᠭᠳᠡᠯ︾᠂ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ        ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ  ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠰᠤᠷᠤᠯᠴᠠᠬᠤ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠲᠦᠷᠢᠮ ︵ᠲᠤᠷᠰᠢᠨ ᠬᠡᠷᠡᠭᠵᠢᠭᠦᠯᠬᠦ︶ ᠢ ᠲᠤᠭᠤᠰᠢᠯᠠᠭᠤᠯᠬᠤ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠢᠮᠠᠭᠲᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠴᠢᠬᠤᠯᠠ ᠤᠯᠤᠰ ᠲᠦᠷᠦ ᠶᠢᠨ ᠰᠢᠯᠭᠠᠨ ᠪᠠᠶᠢᠴᠠᠭᠠᠯᠲᠠ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠪᠠ ᠡᠭᠦᠷᠭᠡ ᠶᠢ ᠨᠡᠪᠲᠡᠷᠡᠯᠴᠡᠭᠦᠯᠦᠨ ᠣᠶᠢᠯᠠᠭᠠᠵᠤ᠂ ᠤᠶᠠᠯᠳᠤᠭᠤᠯᠤᠨ ᠡᠵᠡᠮᠳᠡᠵᠦ᠂ ᠬᠠᠷᠢᠯᠴᠠᠨ ᠤᠶᠠᠯᠳᠤᠭᠤᠯᠤᠨ ᠠᠬᠢᠭᠤᠯᠵᠤ᠂ ᠱᠠᠭᠠᠷᠳᠠᠯᠭ᠎ᠠ ᠶᠢᠨ ᠲᠠᠯ᠎ᠠ ᠪᠠᠷ ᠪᠣᠳᠠᠲᠠᠶ᠂ ᠬᠡᠯᠪᠡᠷᠢ ᠶᠢᠨ ᠲᠠᠯ᠎ᠠ ᠪᠠᠷ ᠪᠣᠳᠠᠲᠠᠶ᠂ ᠦᠷ᠎ᠡ ᠪᠦᠲᠦᠮᠵᠢ ᠶᠢᠨ ᠲᠠᠯ᠎ᠠ ᠪᠠᠷ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠦᠯᠢᠶᠡᠨ ᠠᠪᠬᠤ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠲᠣᠭᠲᠠᠴᠠ ᠶᠢ ᠪᠦᠷᠢᠨᠰᠢᠭᠦᠯᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠠᠵᠢᠯ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号