ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠤᠭᠤᠳᠪᠠ᠃      ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠦ ᠪᠠᠶᠢᠴᠠᠭᠠᠨ ᠰᠤᠳᠤᠯᠤᠯᠲᠠ ᠬᠢᠪᠠ᠃      ᠬᠢᠩᠭᠠᠨ ᠨᠠᠷ ᠤᠷᠢᠳ ᠬᠤᠵᠢᠳ ᠲᠢᠶᠠᠨ ᠲᠠᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠤᠯᠢᠶᠠᠰᠤᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠵᠢᠴᠢ ᠬᠤᠰᠢᠭᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ‌‍ᠳᠤ ᠭᠦᠨᠵᠡᠭᠡᠶᠢᠷᠡᠵᠦ᠂ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠲᠢᠶᠠᠨ ᠲᠠᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠢᠩᠭᠠᠨ᠂ ᠲᠢᠶᠠᠨ ᠲᠠᠢ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ + ᠲᠡᠵᠢᠭᠡᠨ ᠦᠷᠡᠵᠢᠭᠦᠯᠬᠦ ᠰᠠᠭᠤᠷᠢᠨ ᠭᠠᠵᠠᠷ + ᠮᠠᠯᠵᠢᠬᠤ ᠡᠷᠦᠬᠡ︾ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠣᠷᠳᠣ ᠬᠤᠭᠤᠴᠠᠭᠠᠨ ᠤ ᠲᠣᠭᠲᠠᠭᠤᠨ ᠮᠠᠯ ᠠᠵᠤ ᠠᠬᠤᠶ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠶ᠃ ᠨᠡᠶᠢᠭᠡᠮᠴᠢᠯᠡᠭᠰᠡᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠪᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠨᠠᠶᠢᠳᠠᠨ ᠬᠠᠮᠢᠶᠠᠷᠴᠤ  ᠣᠷᠣᠯᠠᠨ ᠮᠠᠯᠵᠢᠬᠤ ᠵᠠᠭᠪᠤᠷ ᠢ ᠪᠣᠶ ᠪᠣᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠬᠡᠪᠴᠢᠶᠡᠵᠢᠭᠰᠡᠨ ᠡᠵᠡᠩᠨᠡᠯᠲᠡ ᠶᠢᠨ ᠲᠦᠷᠭᠡᠨ ᠬᠥᠭᠵᠢᠯᠲᠡ ᠶᠢ ᠳᠠᠶᠢᠴᠢᠯᠠᠨ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠡᠷᠴᠢᠮᠵᠢᠭᠦᠯᠬᠦ᠂ ᠬᠡᠪᠴᠢᠶᠡᠵᠢᠭᠦᠯᠬᠦ᠂ ᠣᠨᠴᠠᠯᠢᠬᠵᠢᠭᠤᠯᠬᠤ ᠶᠢ ᠠᠬᠢᠭᠤᠯᠬᠤ ᠬᠡᠷᠡᠭᠲᠡᠶ ᠭᠡᠪᠡ᠃      ᠨᠡᠶᠢᠭᠡᠮ ᠲᠣᠭᠤᠷᠢᠭ ᠲᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠬᠢᠩᠭᠠᠨ ᠴᠢᠬᠤᠯᠠᠴᠢᠯᠠᠭᠰᠠᠨ ᠨᠢ᠂  ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠣᠯ ᠨᠢᠭᠡ ᠭᠠᠵᠠᠷ ᠣᠷᠣᠨ ᠤ ︽ᠨᠡᠷ᠎ᠡ ᠶᠢᠨ ᠬᠠᠭᠤᠳᠠᠰᠤ︾ ᠮᠥᠨ᠂ ᠲᠡᠷᠡ ᠨᠢ ᠨᠢᠭᠡ ᠭᠠᠵᠠᠷ ᠣᠷᠣᠨ ᠤ ᠳᠦᠷᠢ ᠲᠥᠷᠬᠦ ᠶᠢ ᠲᠥᠯᠥᠭᠡᠯᠡᠵᠦ᠂ ᠨᠢᠭᠡ ᠭᠠᠵᠠᠷ ᠣᠷᠣᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠲᠤᠰᠬᠠᠵᠤ ᠪᠠᠶᠢᠳᠠᠭ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠨ᠂ ᠪᠥᠬᠦ ᠲᠠᠯ᠎ᠠ ᠶᠢᠨ ᠦᠵᠡᠯᠲᠡ ᠪᠠ ᠪᠦᠬᠦᠯᠢ ᠴᠣᠭᠴᠠ ᠶᠢᠨ ᠤᠬᠠᠮᠰᠠᠷ ᠢᠶᠠᠨ ᠴᠢᠩᠭᠠᠳᠬᠠᠵᠤ᠂ ᠲᠣᠰ ᠲᠣᠰ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠲᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠱᠠᠭᠠᠷᠳᠠᠯᠭ᠎ᠠ᠂ ᠠᠷᠭ᠎ᠠ ᠪᠠᠷᠢᠯ  ᠠᠯᠬᠤᠮ ᠳᠠᠷᠠᠭ᠎ᠠ ᠪᠣᠯᠤᠨ ᠭᠤᠤᠯ ᠠᠷᠭ᠎ᠠ ᠬᠡᠮᠵᠢᠶ᠎ᠡ ᠶᠢ ᠶᠡᠬᠡᠪᠡᠷ ᠤᠬᠠᠭᠤᠯᠵᠤ᠂ ᠥᠷᠭᠡᠨ ᠢᠶᠠᠷ ᠳᠠᠶᠢᠴᠢᠯᠠᠵᠤ᠂ ᠬᠦᠴᠦᠲᠡᠶ ᠰᠦᠷ ᠬᠦᠴᠦᠨ ᠢ ᠪᠣᠶ ᠪᠣᠯᠭᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠬᠤᠲᠠ ᠶᠢᠨ ᠳᠦᠷᠰᠦ ᠪᠠᠶᠢᠳᠠᠯ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ ᠪᠠ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠴᠡᠪᠡᠷ ᠴᠡᠮᠴᠡᠭᠡᠷ᠂ ᠭᠤᠶᠣ ᠰᠠᠶᠢᠬᠠᠨ᠂ ᠪᠣᠯᠪᠠᠰᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃      ᠬᠤᠰᠢᠭᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ  ᠳᠤ ᠰᠢᠯᠭᠠᠭᠤᠯᠬᠤ ᠪᠡᠯᠡᠳᠬᠡᠯ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠬᠢᠩᠭᠠᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠰᠢᠯᠭᠠᠯᠲᠠ ᠶᠢᠨ ᠴᠡᠭ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠶᠠᠪᠤᠴᠠ ᠳᠠᠬᠢ ᠡᠯ᠎ᠡ ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠰᠢᠯᠭᠠᠯᠲᠠ ᠶᠢᠨ ᠶᠠᠪᠤᠳᠠᠯ ᠤᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠰᠠᠶᠢᠲᠤᠷ ᠬᠢᠵᠦ᠂ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ        ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠠᠮᠤᠷ ᠲᠦᠪᠰᠢᠨ᠂  ᠲᠣᠭᠲᠠᠭᠤᠨ᠂  ᠡᠮᠬᠢ ᠲᠢᠭᠯᠢᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号