ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ  ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/10
      6 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ  ᠫᠠᠶᠢᠰᠠ ᠰᠡᠬᠦᠵᠦ ᠪᠠᠶᠢᠭᠤᠯᠤᠭᠳᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠪᠤᠯᠤᠨ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠬᠤᠰᠢᠭᠤ ᠨᠡᠶᠢᠭᠡᠮ ᠤᠨ ᠠᠵᠢᠯ ᠤᠨ ᠬᠡᠯᠲᠡᠰ᠂ ᠵᠠᠬᠢᠳᠠᠯ ᠰᠣᠷᠪᠣᠯᠵᠢᠯᠠᠯ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠶᠣᠰᠣᠯᠠᠯ ᠳᠤ ᠣᠷᠣᠯᠴᠠᠵᠠᠢ᠃      ᠠᠯᠮᠠᠰ ᠵᠢᠭᠠᠬᠤ ᠳᠠᠭᠠᠨ᠂ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠭᠰᠠᠨ ᠨᠢ ᠪᠦᠭᠦ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠰᠢᠨ᠎ᠡ ᠲᠦᠪᠰᠢᠨ ᠳᠤ ᠬᠦᠷᠦᠭᠰᠡᠨ ᠴᠢᠬᠤᠯᠠ ᠪᠡᠯᠭᠡ ᠲᠡᠮᠳᠡᠭ ᠪᠣᠯᠣᠨ᠎ᠠ᠃ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠡᠷᠬᠡᠪᠰᠢ ᠲᠤᠭ ᠲᠡᠮᠳᠡᠭ ᠲᠣᠳᠣᠷᠬᠠᠢ ᠤᠯᠤᠰ ᠲᠥᠷᠥ  ᠶᠢᠨ ᠵᠣᠭᠰᠣᠯᠲᠠ ᠶᠢ ᠡᠷᠬᠢᠮᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤ ᠬᠡᠷᠡᠭᠵᠢᠭᠦᠯᠦᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠨ᠎ᠡ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠡᠷᠬᠡᠪᠰᠢ ᠣᠨᠣᠪᠴᠢᠲᠠᠢ ᠡᠵᠡᠮᠳᠡᠵᠦ᠂ ᠨᠠᠮ ᠤᠨ ᠨᠡᠶᠢᠭᠡᠮ ᠤᠨ ᠠᠵᠢᠯ ᠤᠨ ᠤᠳᠤᠷᠢᠳᠬᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠡᠶᠢᠭᠡᠮ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠨᠡᠶᠢᠭᠡᠮ ᠤᠨ ᠠᠵᠢᠯ ᠤᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠬᠦ ᠶᠢ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠢᠳᠡᠪᠬᠢᠲᠡᠢ ᠪᠠᠷ ᠬᠠᠮᠵᠢᠯᠴᠠᠨ ᠲᠤᠰᠢᠶᠠᠬᠤ ᠪᠠ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠬᠡᠪᠰᠢ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠠᠷᠠᠳ ᠲᠦᠮᠡᠨ ᠳᠤ ᠦᠢᠯᠡᠴᠢᠯᠡᠬᠦ ᠬᠠᠶᠢᠷ᠎ᠠ ᠰᠡᠳᠬᠢᠯᠭᠡ ᠶᠢ ᠭᠦᠨᠵᠡᠭᠡᠶᠢᠷᠠᠭᠦᠯᠵᠦ᠂ ᠤᠯᠠᠨ ᠲᠦᠮᠡᠨ ᠤ ᠲᠤᠯᠭᠠᠷᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠵᠦ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠤᠨ ᠠᠵᠢᠯ ᠨᠢ ᠭᠤᠣᠯᠳᠠᠭᠤ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ᠂ ᠠᠷᠠᠳ ᠲᠦᠮᠡᠨ ᠤ ᠰᠠᠨᠠᠭᠤᠯᠭ᠎ᠠ ᠴᠤᠭᠯᠠᠭᠤᠯᠬᠤ ᠠᠵᠢᠯ ᠢ ᠵᠢᠯᠤᠭᠤᠳᠴᠤ᠂ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠳᠠᠶᠢᠴᠢᠯᠠᠬᠤ ᠤᠳᠤᠷᠢᠳᠬᠤ ᠪᠠᠶᠢᠭᠤᠯᠤᠮᠵᠢ ᠪᠣᠯᠣᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠨᠠᠮ ᠤᠨ ᠠᠵᠢᠯ ᠢ ᠨᠢᠭᠡᠳᠦᠯᠲᠡᠢ ᠤᠳᠤᠷᠢᠳᠴᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠬᠤᠯᠢᠮᠠᠭ ᠥᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠵᠡᠷᠭᠡ ᠶᠢ ᠬᠠᠷᠢᠭᠤᠴᠠᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号