ᠮᠠᠨ ᠤ ᠬᠤᠰᠢᠭᠤ  ︽ᠨᠤᠮ ᠤᠨ ᠬᠡᠰᠢᠭᠲᠦ ᠲᠠᠯ᠎ᠠ ᠨᠤᠲᠤᠭ ᠮᠤᠷᠠᠯ ᠰᠢᠮᠡᠵᠢᠭᠰᠡᠨ ᠭᠡᠷ  ᠪᠥᠯᠢ︾ ᠨᠤᠮ ᠬᠤᠪᠢᠶᠠᠯᠴᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/10
     ᠲᠠᠯ᠎ᠠ ᠨᠤᠲᠤᠭ ᠤᠨ ᠨᠣᠮ ᠤᠨ ᠥᠷᠥᠭᠡ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠮᠠᠯᠴᠢᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ 6 ᠰᠠᠷ᠎ᠠ  ᠶᠢᠨ 15 ᠤ ᠡᠳᠦᠷ᠂ ᠬᠠᠲᠠᠪᠴᠢ ᠪᠠᠯᠭᠠᠰᠤᠨ ᠤ ᠱᠠᠩᠲᠤ ᠭᠠᠴᠠᠭᠠᠨ ᠤ ︽ᠲᠠᠯ᠎ᠠ ᠨᠤᠲᠤᠭ ᠤᠨ ᠨᠤᠮ ᠤᠨ ᠦᠷᠦᠭᠡ︾ ᠠᠴᠠ  ︽ᠨᠤᠮ ᠤᠨ ᠬᠡᠰᠢᠭᠲᠦ ᠲᠠᠯ᠎ᠠ ᠨᠤᠲᠤᠭ ᠮᠤᠷᠠᠯ ᠰᠢᠮᠡᠵᠢᠭᠰᠡᠨ ᠭᠡᠷ ᠪᠥᠯᠢ︾ ᠨᠤᠮ ᠬᠤᠪᠢᠶᠠᠯᠴᠠᠬᠤ  ᠠᠵᠢᠯᠯᠠᠭ᠎ᠠ  ᠦᠷᠨᠢᠭᠦᠯᠪᠡ᠃     ᠲᠤᠰ ᠤᠳᠠᠭᠠᠨ ᠤ ᠠᠵᠢᠯᠯᠠᠭ᠎ᠠ ᠳᠤ ᠮᠠᠨ ᠤ ᠬᠤᠰᠢᠭᠤᠨ ᠤ ᠡᠯ᠎ᠡ ᠭᠠᠵᠠᠷ ᠤᠨ ᠨᠣᠮ ᠤᠨ ᠪᠠᠭ᠋ᠠᠳᠠᠳ ᠢᠳᠡᠪᠬᠢᠯᠡᠨ ᠤᠷᠤᠯᠴᠠᠵᠦ᠂ ᠨᠤᠮ ᠣᠩᠰᠢᠭᠰᠠᠨ ᠮᠡᠳᠡᠯᠭᠡ ᠶᠢᠨ ᠤᠷᠤᠯᠳᠤᠭᠠᠨ ᠢᠶᠠᠷ ᠮᠡᠳᠡᠯᠭᠡ ᠪᠠᠨ ᠰᠢᠯᠭᠠᠷᠠᠭᠤᠯᠤᠨ᠂ ᠬᠥᠳᠡᠯᠭᠡᠭᠡᠨ ᠤ ᠲᠠᠯ᠎ᠠ ᠶᠢᠨ ᠬᠢᠨ ᠴᠤᠯᠭᠤᠷᠠᠵᠤ ᠭᠠᠷᠤᠭᠰᠠᠨ  ᠬᠦᠮᠦᠰ ᠲᠤ ᠱᠠᠩᠨᠠᠯ ᠭᠠᠷᠳᠠᠭᠤᠯᠵᠠᠢ᠃ ᠠᠵᠢᠯᠯᠠᠭ᠎ᠠ ᠳᠤ ᠬᠤᠰᠢᠭᠤ ᠰᠢᠨᠬᠤᠸᠠ ᠨᠣᠮ ᠤᠨ ᠳᠡᠯᠭᠡᠭᠦᠷ ᠪᠠᠰᠠ ᠱᠠᠩᠳᠤ ᠭᠠᠴᠠᠭ᠎ᠠ ᠶᠢᠨ ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠪᠡᠯᠡᠭᠯᠡᠪᠡ᠃       ᠲᠤᠬᠠᠢ ᠶᠢᠨ ᠲᠠᠯᠠᠪᠠᠢ ᠳᠤ᠂ ᠬᠥᠮᠥᠰ ᠬᠠᠮᠲᠤ ᠤᠩᠰᠢᠭᠰᠠᠨ ᠨᠢᠭᠡᠨ ᠨᠣᠮ ᠤᠨ ᠲᠣᠭᠤᠷᠢᠨ ᠳᠤ᠂ ᠬᠥᠮᠥᠨ ᠪᠦᠷᠢ ᠶᠢᠨ ᠤᠡᠭᠰᠢᠭ᠌ᠰᠠᠨ ᠠᠳᠠᠯᠢ ᠪᠤᠰᠤ ᠲᠥᠷᠥᠭᠳᠡᠯ ᠢᠶᠠᠨ ᠲᠣᠭᠠᠴᠢᠵᠤ᠂ ᠰᠠᠨᠠᠯ ᠪᠤᠳᠤᠯ ᠢᠶᠠᠨ ᠬᠤᠪᠢᠶᠠᠯᠴᠠᠨ᠂ ᠲᠤᠬᠠᠢ ᠶᠢᠨ ᠲᠠᠯᠠᠪᠤᠷ ᠲᠤ ᠣᠯᠠᠨ ᠢᠶᠠᠷ ᠢᠶᠠᠨ ᠥᠪᠡᠷ ᠤᠨ ᠬᠢᠭᠰᠡᠨ ᠨᠣᠮ ᠤᠨ ᠱᠣᠰᠢᠭ᠎ᠠ ᠪᠠᠨ ᠰᠣᠯᠢᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号