ᠡᠵᠢᠨᠠᠭᠤᠷ ᠪᠠᠯᠭᠠᠰᠤᠨ ᠤ ᠡᠷᠳᠡᠨᠢᠳᠠᠯᠠᠢ ᠭᠠᠴᠠᠭᠠᠨ ᠤ ᠨᠠᠮ ᠤᠨ ᠡᠭᠦᠷ ᠨᠢ ︽7·1︾  ᠤ ᠭᠤᠣᠯ ᠰᠡᠳᠦᠪᠲᠦ ᠰᠢᠷᠢᠰ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
      ᠣᠶᠢᠷ᠎ᠠ ᠶᠢᠨ ᠡᠳᠦᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠠᠯᠠᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠤᠨ ᠬᠠᠷᠠᠭ᠎ᠠ ᠶᠢ ᠥᠷᠭᠡᠳᠬᠡᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠵᠣᠬᠢᠶᠠᠨ ᠪᠠᠶᠢᠭᠤᠯᠬᠤ ᠬᠦᠴᠦᠨ ᠪᠠ ᠳᠠᠶᠢᠴᠢᠨ ᠬᠦᠴᠦᠨ ᠢ ᠲᠡᠭᠡᠭᠰᠢᠯᠡᠭᠦᠯᠬᠦ ᠶᠢᠨ ᠲᠦᠯᠤᠭᠡ᠂ ᠡᠷᠳᠡᠨᠢᠳᠠᠯᠠᠢ ᠭᠠᠴᠠᠭᠠᠨ ᠤ ᠨᠠᠮ ᠤᠨ ᠡᠭᠦᠷ ᠠᠴᠠ ︽7·1︾ ᠤ ᠭᠤᠣᠯ ᠰᠡᠳᠦᠪᠲᠦ ᠰᠢᠷᠢᠰ ᠰᠤᠷᠤᠯᠴᠠᠨ ᠤᠬᠠᠭᠤᠯᠬᠤ ᠠᠵᠢᠯᠯᠠᠭ᠎ᠠ ᠶᠢ ᠥᠷᠨᠢᠭᠦᠯᠪᠡ᠃      ᠨᠢᠭᠡ᠂ ᠤᠯᠤᠰ ᠤᠨ ᠲᠤᠭ ᠪᠣᠯ ᠰᠦᠭ ᠰᠦᠨᠡᠰᠦ ᠮᠦᠨ᠂ ᠴᠤᠭ ᠵᠢᠪᠬᠤᠭ᠎ᠠ ᠰᠦᠭ ᠰᠦᠯᠲᠡ ᠡᠭᠦᠷᠢᠲᠡ ᠬᠠᠮᠲᠤ ᠶᠠᠪᠤᠨ᠎ᠠ᠃ ᠡᠷᠳᠡᠨᠢᠳᠠᠯᠠᠢ ᠭᠠᠴᠠᠭᠠᠨ ᠤ ︽ᠬᠤᠶᠠᠷ ᠵᠥᠪᠯᠡᠯ︾ ᠵᠢᠴᠢ ᠨᠠᠮ ᠤᠨ ᠭᠡᠰᠢᠭᠦᠳ ᠰᠦᠷ ᠵᠢᠪᠬᠤᠯᠠᠩᠲᠤ ᠪᠥᠭᠡᠳ ᠦᠪᠡᠳᠡᠭᠰᠢ ᠶᠡᠭᠡ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠤᠯᠠᠨ ᠢᠶᠠᠷ ᠢᠶᠠᠨ ᠴᠤᠭ ᠵᠢᠪᠬᠤᠭ᠎ᠠ ᠪᠠᠨ ᠪᠠᠳᠠᠷᠠᠭᠤᠯᠤᠨ᠂ ᠲᠡᠷᠢ ᠲᠡᠭᠰᠢ ᠵᠢᠭᠰᠠᠵᠤ᠂ ᠤᠯᠤᠰ ᠤᠨ ᠰᠦᠯᠳᠡ ᠳᠠᠭᠤᠤ ᠶᠢᠨ ᠬᠠᠩᠭᠢᠨᠠᠬᠤ ᠶᠢ ᠳᠠᠭᠠᠯᠳᠤᠨ᠂ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠨᠡᠷᠡᠨ ᠤ ᠭᠡᠷᠡᠯ ᠳᠤ ᠠᠯᠭᠤᠷᠬᠠᠨ ᠢᠶᠠᠷ ᠮᠠᠨᠳᠤᠵᠤ᠂ ᠪᠦᠭᠦᠳᠡᠭᠡᠷ ᠢᠶᠠᠨ ᠤᠯᠤᠰ ᠤᠨ ᠲᠤᠭ ᠢ ᠰᠢᠷᠳᠡᠨ ᠶᠣᠰᠣᠯᠠᠵᠤ᠂ ᠲᠥᠪ ᠬᠢᠴᠢᠶᠡᠩᠭᠦᠢ ᠪᠥᠭᠡᠳ ᠣᠮᠤᠭ ᠪᠠᠭ᠋ᠠᠳᠤᠯ ᠲᠠᠢ ᠪᠠᠶᠢᠯ᠎ᠠ᠃      ᠬᠤᠶᠠᠷ᠂ ᠤᠨᠤᠯ ᠪᠣᠯ ᠰᠠᠭᠤᠷᠢ ᠮᠦᠨ᠂ ᠰᠤᠷᠤᠯᠴᠠᠯᠭ᠎ᠠ ᠪᠠᠨ ᠴᠢᠩᠭᠠᠳᠬᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠬᠤ ᠬᠡᠷᠡᠭᠲᠡᠢ᠃ ᠭᠠᠴᠠᠭᠠᠨ ᠤ ᠨᠠᠮ ᠤᠨ ᠡᠭᠦᠷ ᠤᠨ ᠱᠦᠵᠢ ᠪᠥᠬᠡᠪᠢᠯᠢᠭ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ       ᠳᠦᠷᠢᠮ︾ ᠢ ᠳᠠᠭᠠᠭᠤᠯᠤᠨ ᠰᠤᠷᠤᠯᠴᠠᠵᠤ᠂ ᠪᠥᠬᠦ ᠨᠠᠮ ᠤᠨ ᠭᠡᠰᠢᠭᠦᠳ ᠢ ᠨᠠᠮ ᠤᠨ ᠲᠣᠭᠲᠠᠭᠠᠯ᠂ ᠨᠠᠮ ᠤᠨ ᠰᠠᠬᠢᠯᠭ᠎ᠠ ᠪᠠᠲᠤ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠦᠨ ᠣᠶᠢᠯᠠᠭᠠᠵᠤ᠂ ᠰᠠᠬᠢᠯᠭ᠎ᠠ ᠪᠠᠲᠤ ᠶᠢ        ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠭᠤᠷᠪᠠ᠂ ᠲᠠᠯ᠎ᠠ ᠨᠤᠲᠤᠭ ᠪᠣᠯ ᠮᠢᠨᠤ ᠭᠡᠷ ᠮᠦᠨ᠂ ᠣᠷᠴᠢᠨ ᠠᠬᠤᠢ ᠶᠢ ᠬᠠᠮᠠᠭᠠᠯᠠᠬᠤ ᠳᠤ ᠤᠯᠠᠨ ᠢ ᠲᠦᠰᠢᠭᠯᠡᠨ᠎ᠡ᠃ ᠭᠠᠴᠠᠭᠠᠨ ᠤ ᠨᠠᠮ ᠤᠨ ᠡᠭᠦᠷ ᠨᠢ ᠨᠠᠮ ᠤᠨ ᠭᠡᠰᠢᠭᠦᠳ᠂ ᠰᠠᠶᠢᠨ ᠲᠤᠷᠠᠴᠤᠤᠯ ᠢ ᠵᠣᠬᠢᠶᠠᠨ ᠪᠠᠶᠢᠭᠤᠯᠵᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠨᠠᠮ ᠤᠨ ᠭᠡᠰᠢᠭᠦᠨ ᠤ ᠲᠤᠭᠳᠠᠭᠰᠠᠨ ᠡᠳᠦᠷ ᠤᠨ ᠠᠵᠢᠯᠯᠠᠭ᠎ᠠ ᠦᠷᠨᠢᠭᠦᠯᠵᠤ᠂ ᠣᠯᠠᠨ ᠢᠶᠠᠷ ᠢᠶᠠᠨ ᠭᠤᠷᠪᠠ ᠲᠠᠪᠤᠨ ᠬᠥᠮᠥᠨ ᠨᠢᠭᠡ ᠳᠤᠭᠤᠶᠢᠯᠠᠩ ᠪᠤᠯᠤᠨ ᠪᠦᠷᠢᠯᠲᠤᠵᠤ᠂ ᠠᠵᠢᠯ ᠢᠶᠠᠨ ᠬᠤᠪᠢᠳᠠᠨ ᠬᠠᠮᠵᠢᠯᠴᠠᠵᠤ᠂ ᠭᠠᠴᠠᠭᠠᠨ ᠤ ᠲᠦᠪᠯᠡᠷᠡᠭᠰᠡᠨ ᠬᠤᠭ ᠨᠣᠪᠰᠢ ᠣᠪᠣᠭᠠᠯᠠᠬᠤ ᠭᠠᠵᠠᠷ᠂ ᠭᠠᠴᠠᠭᠠᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠤᠶᠢᠯᠡᠴᠢᠯᠡᠭᠦ ᠲᠥᠪ ᠪᠤᠯᠤᠨ ᠭᠠᠴᠠᠭᠠᠨ ᠤ ᠵᠠᠮ ᠤᠨ ᠬᠤᠶᠠᠷ ᠬᠠᠵᠠᠭᠤ ᠵᠡᠷᠭᠡ ᠶᠢᠨ ᠬᠤᠭ ᠨᠣᠪᠰᠢ᠂ ᠡᠯᠳᠡᠪ ᠪᠣᠳᠠᠰ ᠵᠡᠷᠭᠡ ᠢ ᠲᠡᠭᠦᠵᠦ ᠴᠡᠪᠡᠷᠯᠡᠭᠰᠡᠨ ᠪᠠᠶᠢᠨ᠎ᠠ᠃      ᠳᠥᠷᠪᠡ᠂ ᠤᠯᠠᠨ ᠲᠦᠮᠡᠨ ᠪᠣᠯ ᠦᠨᠳᠦᠰᠦ ᠮᠥᠨ᠂ ᠤᠬᠠᠭᠤᠯᠤᠨ ᠳᠡᠯᠭᠡᠷᠡᠭᠦᠯᠬᠦ ᠶᠢ ᠵᠡᠷᠭᠡᠪᠡᠷ ᠬᠦᠴᠦᠯᠡᠬᠦ ᠬᠡᠷᠡᠭᠲᠡᠢ᠃ ᠭᠠᠴᠠᠭᠠᠨ ᠤ ᠨᠠᠮ ᠤᠨ ᠡᠭᠦᠷ ᠨᠢ ᠣᠶᠢᠷ᠎ᠠ ᠶᠢᠨ ᠬᠤᠭᠤᠴᠠᠭᠠᠨ ᠤ ᠣᠪᠣᠭ᠎ᠠ ᠲᠠᠬᠢᠯᠭ᠎ᠠ ᠶᠢᠨ ᠡᠳᠦᠷ ᠤᠨ ᠲᠠᠰᠢᠷᠠᠮ ᠪᠠᠷ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠲᠠᠢ ᠬᠤᠯᠪᠤᠭᠠᠯᠠᠨ ᠮᠠᠯᠴᠢᠨ ᠣᠯᠠᠨ ᠲᠦᠮᠡᠨ ᠳᠤ ᠪᠤᠯᠪᠠᠰᠤᠨ ᠤᠪᠤᠭᠠᠨ ᠲᠠᠬᠢᠯᠭ᠎ᠠ ᠬᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠲᠤᠤᠷ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠤᠬᠠᠭᠤᠯᠭ᠎ᠠ ᠬᠥᠮᠦᠵᠢᠯ ᠢ ᠥᠷᠭᠡᠨ ᠢᠶᠠᠷ ᠲᠡᠯᠭᠡᠷᠡᠭᠦᠯᠤᠨ᠂ ᠡᠯ᠎ᠡ ᠲᠥᠷᠥᠯ ᠤᠨ ᠤᠬᠠᠭᠤᠯᠭ᠎ᠠ ᠶᠢᠨ ᠳᠡᠪᠲᠡᠷ ᠬᠠᠭᠤᠳᠠᠰᠤ ᠶᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号