ᠡᠵᠢᠨᠠᠭᠤᠷ  ᠪᠠᠯᠭᠠᠰᠤᠨ ᠤ ᠰᠠᠶᠢᠬᠤᠰᠤ ᠭᠠᠴᠠᠭ᠎ᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠡᠵᠢᠨᠠᠭᠤᠷ  ᠪᠠᠯᠭᠠᠰᠤᠨ ᠤ ᠰᠠᠶᠢᠬᠤᠰᠤ  ᠭᠠᠴᠠᠭ᠎ᠠ ᠨᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠣᠷᠢᠭᠲᠤ ᠪᠠᠭᠰᠢ ᠶᠢ ᠤᠷᠢᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ  ᠦᠷᠨᠢᠭᠦᠯᠪᠡ᠃ ᠭᠠᠴᠠᠭᠠᠨ ᠤ ᠬᠤᠶᠠᠷ ᠵᠥᠪᠯᠡᠯ ᠤᠨ ᠭᠡᠰᠢᠭᠦᠨ᠂ ᠪᠥᠬᠦ ᠨᠠᠮ ᠤᠨ ᠭᠡᠰᠢᠭᠦᠨ ᠵᠢᠴᠢ ᠬᠡᠰᠡᠭ ᠮᠠᠯᠴᠢᠨ ᠲᠦᠮᠡᠨ ᠨᠡᠶᠢᠲᠡ 30 ᠭᠠᠷᠤᠶ ᠬᠥᠮᠦᠨ ᠠᠵᠢᠯᠯᠠᠭ᠎ᠠ ᠳᠤ ᠣᠷᠤᠯᠴᠠᠪᠠ᠃      ᠠᠵᠢᠯᠯᠠᠭᠠᠨ ᠤ ᠳᠤᠮᠳᠠ᠂ ᠵᠣᠷᠢᠭᠲᠤ ᠪᠠᠭᠰᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠲᠦᠷᠢᠮ︾ ᠤᠨ ᠲᠣᠭᠤᠷᠢᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠠ᠃ ᠲᠦᠷᠢᠮ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ       ᠲᠠᠶᠢᠯᠪᠤᠷᠢᠯᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ᠂  ᠰᠢᠢᠳᠪᠦᠷᠢᠯᠡᠬᠦ ᠵᠠᠷᠴᠢᠮ ᠵᠢᠴᠢ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠳᠤ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠰᠢᠨ᠎ᠡ ᠲᠣᠭᠲᠠᠭᠠᠯ ᠰᠢᠨ᠎ᠡ ᠱᠠᠭᠠᠷᠳᠠᠯᠭ᠎ᠠ ᠶᠢ ᠣᠨᠴᠠᠭᠠᠶᠢᠯᠠᠨ ᠴᠢᠬᠤᠯᠠᠴᠢᠯᠠᠵᠤ᠂ ᠪᠣᠳᠠᠲᠠᠶ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠲᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠢᠮ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃      ᠳᠠᠷᠠᠭ᠎ᠠ ᠳᠤᠨᠢ᠂ ᠨᠠᠮ ᠤᠨ ᠡᠭᠦᠷ ᠤᠨ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠶᠢ ᠥᠷᠨᠢᠭᠦᠯᠵᠦ᠂ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢᠮ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠲᠣᠭᠲᠠᠭᠠᠯ︾ ᠵᠡᠷᠭᠡ ᠠᠭᠤᠯᠭ᠎ᠠ ᠶᠢ ᠳᠠᠭᠠᠭᠤᠯᠤᠨ ᠰᠤᠷᠤᠯᠴᠠᠵᠠᠢ᠃      ᠨᠠᠮ ᠤᠨ ᠬᠢᠴᠢᠶᠡᠯ ᠤᠨ ᠲᠠᠷᠠᠭ᠎ᠠ᠂ ᠨᠠᠮ ᠤᠨ ᠭᠡᠰᠢᠭᠦᠳ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ  ᠂ ᠭᠠᠴᠠᠭᠠᠨ ᠤ ᠬᠥᠭᠵᠢᠯᠲᠡ ᠶᠢᠨ ᠠᠰᠠᠭᠤᠳᠠᠯ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠪᠠᠨ ᠢᠳᠡᠪᠬᠢᠲᠡᠶ ᠳᠤᠷᠠᠳᠪᠠ᠃      ᠲᠣᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠪᠠᠷ ᠳᠡᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠲᠠᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠬᠠᠳᠠᠩᠰᠢᠭᠤᠯᠵᠤ᠂ ᠨᠠᠮ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠦᠨ ᠵᠢᠯᠣᠭᠤᠳᠴᠤ᠂ ᠭᠠᠴᠠᠭᠠᠨ ᠤ ᠡᠯ᠎ᠡ ᠲᠦᠷᠦᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃      
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号