ᠮᠠᠨᠳᠤᠬᠤᠪᠤᠯᠠᠭ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠴᠢᠬᠡᠴᠢ ᠵᠠᠰᠠᠭ ᠤᠨ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
      ᠮᠠᠨᠳᠦᠬᠤᠪᠤᠯᠠᠭ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠺᠠᠳ᠋ᠷ ᠠᠵᠢᠯᠲᠠᠨ ᠤ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠲᠠᠨᠢᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠠ ᠡᠷᠬᠡ ᠪᠠᠨ ᠵᠥᠪ ᠬᠡᠷᠡᠭᠵᠢᠭᠦᠯᠬᠦ ᠤᠬᠠᠮᠰᠠᠷᠲᠤ ᠴᠢᠨᠠᠷ ᠢ ᠴᠢᠩᠭᠠᠳᠬᠠᠨ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠶ ᠪᠣᠯᠭᠠᠵᠤ᠂ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠪᠣᠳᠠᠲᠠᠢ ᠲᠤᠬᠠᠶᠢᠯᠠᠭᠰᠠᠨ ᠠᠵᠢᠯ ᠤᠨ ᠳᠠᠪᠬᠤᠷ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠲᠥᠯᠦᠭᠡ᠂ 6 ᠰᠠᠷ᠎ᠠ ᠶᠢᠨ 26 ᠤ ᠡᠳᠦᠷ᠂ ᠮᠠᠨᠳᠦᠬᠤᠪᠤᠯᠠᠭ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠴᠢᠬᠡᠴᠢ ᠵᠠᠰᠠᠭ ᠤᠨ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠳᠡᠳ᠋ ᠡᠷᠬᠢᠯᠡᠭᠴᠢ ᠬᠥᠬᠡᠨ᠋ᠥᠷᠬᠢᠯ ᠡᠷᠭᠢᠯᠡᠵᠡᠶ᠃      ᠬᠤᠷᠠᠯ ᠳᠤ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠳᠡᠳ᠋ ᠡᠷᠬᠢᠯᠡᠭᠴᠢ ᠬᠥᠬᠡᠨ᠋ᠥᠷᠬᠢᠯ ᠺᠠᠳ᠋ᠷ ᠠᠵᠢᠯᠲᠠᠨ ᠠᠵᠢᠯᠴᠢᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ        ᠪᠠᠶᠢᠳᠠᠯ᠂ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠨᠠᠷᠢᠨ ᠶᠠᠷᠢᠯᠴᠠᠭᠰᠠᠨ ᠪᠥᠭᠡᠳ ᠣᠳᠣᠬᠠᠨ ᠤ ᠠᠵᠢᠯ ᠢᠶᠠᠨ ᠬᠡᠷᠬᠢᠨ ᠰᠠᠶᠢᠲᠤᠷ ᠬᠢᠬᠦ᠂ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠬᠡᠷᠬᠢᠨ ᠨᠠᠩ ᠰᠠᠶᠢᠲᠤᠷ ᠭᠦᠢᠴᠡᠳᠬᠡᠬᠦ ᠲᠤᠬᠠᠢ ᠨᠠᠷᠢᠨ ᠶᠠᠷᠢᠯᠴᠠᠪᠠ᠃ ᠬᠥᠬᠡᠨ᠋ᠥᠷᠬᠢᠯ ᠨᠥᠬᠦᠷ ᠴᠢᠬᠤᠯᠠᠴᠢᠯᠠᠬᠤ ᠳᠠᠭᠠᠨ᠂ ᠴᠢᠬᠡᠴᠢ ᠵᠠᠰᠠᠭ ᠤᠨ ᠲᠤᠬᠠᠢ ᠶᠠᠷᠢᠯᠴᠠᠭ᠎ᠠ ᠥᠷᠨᠢᠭᠦᠯᠬᠦ ᠪᠣᠯ ᠰᠤᠷᠤᠯᠴᠠᠵᠤ ᠬᠠᠮᠲᠤ ᠪᠠᠷ ᠵᠣᠷᠢᠭᠵᠢᠭᠤᠯᠬᠤ ᠶᠠᠪᠤᠴᠠ ᠮᠥᠨ ᠪᠥᠭᠡᠳ ᠪᠠᠰᠠ ᠴᠤ ᠰᠡᠷᠡᠮᠵᠢᠯᠡᠭᠦᠯᠬᠦ ᠬᠥᠮᠦᠵᠢᠯ ᠤᠨ ᠶᠠᠪᠤᠴᠠ ᠮᠥᠨ᠃ ᠨᠢᠭᠡ ᠳᠤ᠂ ᠤᠯᠤᠰ ᠲᠦᠷᠦ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠪᠡᠶ᠎ᠡ ᠪᠠᠷ ᠢᠶᠠᠨ ᠬᠡᠪ ᠲᠤᠶᠢᠷᠢᠮ ᠪᠣᠯᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠥᠪᠡᠷ ᠤᠨ ᠪᠣᠯᠪᠠᠰᠤᠷᠠᠯ ᠢᠶᠠᠨ ᠴᠢᠩᠭᠠᠳᠬᠠᠬᠤ ᠬᠡᠷᠡᠭᠲᠡᠢ᠃ ᠭᠤᠷᠪᠠ ᠳᠤ᠂ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠂ ᠬᠠᠤᠯᠢ ᠶᠣᠰᠣᠭᠠᠷ᠂ ᠵᠢᠷᠤᠮ ᠶᠣᠰᠣᠭᠠᠷ ᠲᠠᠢ ᠠᠵᠢᠯᠯᠠᠬᠤ ᠬᠡᠷᠡᠭᠲᠡᠢ᠃ ᠳᠥᠷᠪᠡ ᠳᠤ᠂ ᠴᠢᠬᠡᠴᠢ ᠵᠠᠰᠠᠭ ᠢ ᠴᠢᠩᠭ᠎ᠠ ᠭᠦᠢᠴᠡᠳᠬᠡᠵᠦ᠂ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠡᠳᠦᠷ ᠲᠤᠳᠤᠮ ᠤᠨ ᠠᠵᠢᠯ ᠤᠨ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠡᠶᠡᠯᠡᠭᠦᠯᠦᠨ᠂ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ ᠳᠤ᠂ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠤ ᠡᠳᠦᠷ ᠲᠤᠳᠤᠮ ᠤᠨ ᠬᠢᠨᠠᠯᠲᠠ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠦᠨᠡᠨᠬᠦ ᠰᠠᠶᠢᠲᠤᠷ ᠠᠳᠬᠤᠵᠤ᠂ ᠲᠡᠳᠡᠨ ᠤ ᠦᠵᠡᠯ ᠰᠠᠨᠠᠭᠠᠨ ᠤ ᠪᠠᠶᠢᠳᠠᠯ ᠪᠠ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠠᠩᠬᠠᠷᠤᠨ᠂ ᠪᠠᠭ᠎ᠠ ᠰᠠᠭ᠎ᠠ ᠭᠡᠮ ᠠᠴᠠ ᠶᠡᠭᠡ ᠠᠰᠠᠭᠤᠳᠠᠯ ᠪᠣᠯᠵᠤ ᠬᠤᠪᠢᠷᠠᠬᠤ ᠶᠢ ᠰᠡᠷᠭᠡᠶᠢᠯᠡᠬᠦ ᠬᠡᠷᠡᠭᠲᠡᠢ᠃      ᠴᠢᠬᠡᠴᠢ ᠵᠠᠰᠠᠭ ᠤᠨ ᠲᠤᠬᠠᠢ ᠶᠠᠷᠢᠯᠴᠠᠭ᠎ᠠ ᠶᠢ ᠥᠷᠨᠢᠭᠦᠯᠬᠦ ᠪᠣᠯ ᠺᠠᠳ᠋ᠷᠴᠤᠳ ᠤᠨ ᠤᠯᠤᠰ ᠲᠦᠷᠦ ᠶᠢᠨ ᠤᠬᠠᠮᠰᠠᠷ ᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠴᠢᠬᠤᠯᠠ ᠠᠷᠭ᠎ᠠ ᠬᠡᠮᠵᠢᠶ᠎ᠡ ᠮᠥᠨ᠃ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠨᠢ ᠰᠠᠬᠢᠯᠭ᠎ᠠ ᠪᠠᠲᠤ ᠪᠠ ᠶᠣᠰᠣ ᠳᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ᠠᠷᠠᠳ ᠲᠦᠮᠡᠨ ᠤ ᠠᠯᠪᠠᠨ ᠠᠵᠢᠯᠲᠡᠨ ᠤ ᠮᠥᠨ ᠴᠢᠨᠠᠷ ᠢ ᠢᠮᠠᠭᠲᠠ ᠪᠠᠷᠢᠮᠲᠠᠯᠠᠨ᠂ ᠴᠢᠬᠡᠴᠢ ᠵᠠᠰᠠᠭ ᠤᠨ ᠬᠥᠮᠦᠵᠢᠯ ᠢ ᠡᠳᠦᠷ ᠲᠤᠲᠤᠮ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠬᠢᠨᠠᠯᠲᠠ ᠳᠤ ᠲᠤᠭᠤᠰᠢᠯᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠤᠨ᠂ ᠮᠠᠨᠳᠦᠬᠤᠪᠤᠯᠠᠭ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号