ᠮᠠᠨᠳᠤᠬᠤᠪᠤᠯᠠᠭ ᠪᠠᠯᠭᠠᠰᠤᠨ ᠤ ︽ᠲᠤᠯᠤᠭᠠᠨ ᠰᠠᠷ᠎ᠠ ᠶᠢᠨ ᠨᠢᠭᠡᠨ ᠢᠶᠠᠨ ᠤᠭᠲᠤᠵᠤ᠂ ᠨᠠᠮ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ︾ ᠰᠢᠷᠢᠰ ᠠᠵᠢᠯᠯᠠᠭ᠎ᠠ
ᠨᠡᠶᠢᠲᠡᠯᠡᠭᠰᠡᠨ ᠴᠠᠭ᠄
2024/7/10
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠪᠠᠷ ᠭᠤᠣᠯ ᠰᠡᠳᠦᠪ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠤᠯᠤᠰ ᠤᠨ ᠲᠤᠭ ᠢ ᠲᠠᠷᠬᠠᠨ ᠬᠢᠯᠢ ᠳᠤ ᠨᠠᠮᠢᠷᠠᠭᠤᠯᠬᠤ︾ ᠢᠨᠵᠧᠨᠧᠷᠢᠩ ᠢ ᠤᠯᠠᠮ ᠨᠢᠭᠡ ᠠᠯᠬᠤᠮ ᠥᠷᠭᠡᠳᠬᠡᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠨ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ᠂ ᠰᠢᠨ᠎ᠡ ᠵᠠᠮ ᠢᠶᠠᠷ ᠳᠤᠮᠳᠠᠳᠤ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠦᠨᠳᠦᠰᠦᠨ ᠱᠠᠲᠤᠨ ᠤ ᠪᠠᠲᠤᠯᠠᠭ᠎ᠠ ᠬᠠᠩᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠦᠭᠡ᠂ 6 ᠰᠠᠷ᠎ᠠ ᠶᠢᠨ 29 ᠤ ᠡᠳᠦᠷ᠂ ᠮᠠᠨᠳᠤᠬᠤᠪᠤᠯᠠᠭ ᠪᠠᠯᠭᠠᠰᠤ ︽ᠲᠤᠯᠤᠭᠠᠨ ᠰᠠᠷ᠎ᠠ ᠶᠢᠨ ᠨᠢᠭᠡᠨ ᠢᠶᠠᠨ ᠤᠭᠲᠤᠵᠤ᠂ ᠨᠠᠮ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ︾ ᠰᠢᠷᠢᠰ ᠠᠵᠢᠯᠯᠠᠭ᠎ᠠ ᠶᠢ ᠥᠷᠨᠢᠭᠦᠯᠪᠡ᠃      ︽ᠤᠯᠤᠰ ᠤᠨ ᠲᠤᠭ ᠢ ᠲᠠᠷᠬᠠᠨ ᠬᠢᠯᠢ ᠳᠤ ᠨᠠᠮᠢᠷᠠᠭᠤᠯᠬᠤ︾ ᠢᠨᠵᠧᠨᠧᠷᠢᠩ ᠬᠥᠮᠥᠰ ᠤᠨ ᠰᠡᠳᠬᠢᠯ ᠳᠤ ᠭᠦᠨ ᠰᠠᠭᠤᠭᠳᠠᠪᠠ᠃ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ ᠪᠠᠶᠢᠭ᠎ᠠ ᠨᠢ ᠤᠯᠤᠰ ᠣᠷᠣᠨ ᠤ ᠴᠡᠴᠡᠭᠯᠡᠯ ᠬᠥᠭᠵᠢᠯ ᠪᠠ ᠠᠷᠠᠳ ᠲᠦᠮᠡᠨ ᠤ ᠪᠦᠯᠬᠦᠮᠳᠡᠨ ᠨᠢᠭᠡᠳᠬᠦ ᠶᠢ ᠪᠡᠯᠭᠡᠳᠡᠵᠦ ᠪᠠᠶᠢᠭ᠎ᠠ ᠶᠤᠮ᠃ ᠮᠠᠨᠳᠤᠬᠤᠪᠤᠯᠠᠭ ᠪᠠᠯᠭᠠᠰᠤᠨ ᠤ ᠺᠠᠳ᠋ᠷ ᠤᠯᠠᠨ ᠲᠦᠮᠡᠨ ᠤᠯᠤᠰ ᠣᠷᠣᠨ ᠤ ᠬᠦᠴᠦᠨ ᠴᠢᠳᠠᠯ ᠪᠠ ᠢᠷᠠᠭᠤ ᠠᠯᠳᠠᠷ ᠢ ᠨᠡᠩ ᠭᠦᠨᠵᠡᠭᠡᠢ ᠮᠡᠳᠡᠷᠡᠵᠦ᠂ ᠲᠡᠳᠡᠨ ᠤ ᠤᠯᠤᠰ ᠣᠷᠣᠨ ᠢᠶᠠᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠡᠢ᠃ᠬᠤᠷᠳᠤᠨ ᠮᠣᠷᠢᠨ ᠤ ᠤᠷᠤᠯᠳᠤᠭᠠᠨ      ᠤᠷᠤᠯᠳᠤᠭᠠᠨ ᠤ ᠲᠠᠯᠠᠪᠠᠢ ᠳᠤ ᠡᠯ᠎ᠡ ᠭᠠᠴᠠᠭᠠᠨ ᠤ ᠤᠶᠠᠭᠠᠴᠢᠳ ᠬᠤᠷᠠᠨ ᠴᠤᠭᠯᠠᠷᠠᠵᠤ᠂ ᠠᠵᠢᠨᠠᠢ ᠬᠦᠯᠦᠭ ᠦᠦᠷᠰᠡᠨ᠎ᠡ᠃ ᠤᠷᠤᠯᠳᠤᠭᠠᠴᠢᠳ ᠤᠨ ᠴᠤᠭ ᠵᠢᠪᠬᠤᠭ᠎ᠠ ᠪᠠᠳᠠᠷᠠᠩᠭᠤᠢ᠂ ᠪᠡᠶ᠎ᠡ ᠪᠡᠶ᠎ᠡ ᠪᠠᠨ ᠬᠥᠭᠡᠭᠡᠴᠡᠯᠳᠦᠨ᠂ ᠪᠣᠯᠪᠠᠰᠤᠷᠠᠩᠭᠤᠢ ᠤᠷ᠎ᠠ ᠮᠡᠷᠭᠡᠵᠢᠯ ᠨᠢ ᠬᠥᠮᠥᠰ ᠤᠨ ᠪᠠᠭ᠋ᠠᠷᠬᠠᠯ ᠢ ᠲᠠᠲᠠᠨ᠎ᠠ᠃ ᠲᠤᠬᠠᠢ ᠶᠢᠨ ᠲᠠᠯᠠᠪᠠᠢ ᠶᠢᠨ ᠤᠷᠠᠶᠢᠯᠠᠨ ᠬᠠᠰᠬᠢᠷᠬᠤ ᠲᠠᠭᠤᠨ᠂ ᠮᠠᠭᠲᠠᠨ ᠰᠠᠶᠢᠰᠢᠶᠠᠬᠤ ᠲᠠᠭᠤᠨ ᠲᠠᠰᠤᠷᠠᠯᠳᠠ ᠦᠭᠡᠢ ᠰᠣᠨᠣᠰᠳᠠᠵᠤ᠂ ᠠᠭᠤᠷ ᠠᠮᠢᠰᠬᠤᠯ ᠬᠤᠷᠣᠮᠬᠠᠨ ᠵᠠᠭᠤᠷ᠎ᠠ ᠤᠷᠬᠢᠯ ᠳᠠᠭᠠᠨ ᠬᠦᠷᠪᠡ᠃ ᠮᠠᠯᠴᠢᠨ ᠪᠥᠬᠡᠴᠢᠳ ᠤᠨ ᠪᠠᠷᠢᠯᠳᠤᠭᠠᠨ      ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠬᠦᠴᠦᠨ ᠴᠢᠳᠠᠯ ᠪᠣᠯᠣᠨ ᠬᠦᠴᠦ ᠬᠥᠯᠥᠰᠦᠨ ᠤ ᠨᠥᠬᠦᠷᠯᠡᠯ  ᠨᠢ ᠪᠠᠭᠠᠲᠤᠷᠴᠤᠳ ᠤᠨ ᠨᠢᠭᠤᠷ᠂ ᠲᠣᠭᠤᠷᠢᠨ ᠦᠵᠡᠭᠴᠢᠳ ᠤᠨ ᠰᠡᠳᠬᠢᠯ ᠵᠢᠷᠦᠬᠡ ᠵᠢᠴᠢ ᠵᠤᠨ ᠤ ᠡᠬᠢᠨ ᠤ ᠲᠠᠯ᠎ᠠ ᠨᠤᠲᠤᠭ ᠲᠤ ᠭᠦᠨ ᠰᠡᠶᠢᠯᠦᠭᠳᠡᠪᠡ᠃ᠰᠤᠷ ᠬᠠᠷᠪᠤᠯᠲᠠ      ᠰᠤᠷ ᠬᠠᠷᠪᠤᠯᠲᠠ ᠶᠢᠨ ᠤᠷᠤᠯᠳᠤᠭᠠᠨ ᠨᠢ ᠪᠣᠷᠣᠭᠵᠢᠭᠤᠨ᠂ ᠬᠥᠷ ᠬᠥᠭᠵᠢᠶᠡᠨ ᠲᠠᠢ᠂ ᠨᠥᠬᠦᠷᠰᠡᠭ᠂ ᠡᠶ᠎ᠡ ᠵᠣᠬᠢᠴᠠᠯ ᠲᠠᠢ᠂ ᠬᠤᠷᠴᠠ ᠰᠢᠷᠦᠭᠦᠨ ᠪᠠᠴᠢᠮ ᠠᠭᠤᠷ ᠠᠮᠢᠰᠬᠤᠯ ᠤᠨ ᠳᠤᠮᠳᠠ ᠶᠠᠪᠤᠭᠳᠠᠵᠠᠢ᠃ ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠠᠮᠢᠰᠬᠤᠭ᠎ᠠ ᠪᠠᠨ ᠳᠠᠷᠤᠨ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠪᠠᠲᠤᠲᠠᠢ ᠵᠣᠭᠰᠤᠨ᠂ ᠫᠠᠢ ᠶᠢᠨ ᠲᠥᠪ ᠢ ᠣᠨᠤᠯᠤᠨ ᠬᠦᠴᠦᠲᠡᠢ ᠰᠤᠮᠤ ᠬᠠᠷᠪᠤᠵᠤ᠂ ᠰᠤᠮᠤᠨ ᠤ ᠲᠠᠭᠤᠨ ᠢ ᠳᠠᠭᠠᠵᠤ᠂ ᠦᠵᠡᠭᠴᠢᠳ ᠲᠤ ᠨᠢᠭᠡᠨ ᠤᠳᠠᠭᠠᠨ ᠤ ᠡᠯᠪᠡᠭ ᠪᠠᠶᠠᠯᠢᠭ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠯ᠎ᠠ᠃      ᠠᠯᠢ ᠤᠯᠠᠨ ᠪᠠᠶᠠᠯᠢᠭ ᠰᠠᠶᠢᠬᠠᠨ ᠪᠡᠯᠭᠡᠯᠡᠬᠦ ᠠᠵᠢᠯᠯᠠᠭ᠎ᠠ ᠪᠠᠷ ᠲᠠᠮᠵᠢᠨ᠂ ᠮᠠᠨᠳᠤᠬᠤᠪᠤᠯᠠᠭ ᠪᠠᠯᠭᠠᠰᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠠᠮᠵᠢᠯᠲᠠ ᠲᠠᠢ ᠪᠤᠢ ᠪᠣᠯᠭᠠᠵᠤ᠂ ᠤᠯᠠᠨ ᠲᠦᠮᠡᠨ ᠤ ᠨᠠᠮ ᠤᠨ ᠠᠴᠢ ᠳᠤ        ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ ᠡᠭᠦᠨ ᠤ ᠬᠠᠮᠲᠤ᠂ ᠡᠳᠡᠭᠡᠷ ᠠᠵᠢᠯᠯᠠᠭ᠎ᠠ ᠨᠢ ︽ᠤᠯᠤᠰ ᠤᠨ ᠲᠤᠭ ᠢ ᠲᠠᠷᠬᠠᠨ ᠬᠢᠯᠢ ᠳᠤ ᠨᠠᠮᠢᠷᠠᠭᠤᠯᠬᠤ︾ ᠢᠨᠵᠧᠨᠧᠷᠢᠩ ᠤᠨ ᠦᠷ᠎ᠡ ᠪᠦᠲᠦᠮᠵᠢ ᠶᠢ ᠴᠢᠨᠠᠭᠰᠢᠳᠠ ᠥᠷᠭᠡᠳᠬᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠣᠨ ᠠᠭᠤᠤ ᠶᠡᠭᠡ ᠠᠮᠵᠢᠯᠲᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠠᠢ᠃ ᠢᠷᠡᠭᠡᠳᠦᠢ ᠶᠢᠨ ᠡᠳᠦᠷ ᠤᠳ ᠲᠤ᠂ ᠮᠠᠨᠳᠤᠬᠤᠪᠤᠯᠠᠭ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号