ᠬᠠᠳᠠᠪᠴᠢ ᠪᠠᠯᠭᠠᠰᠤᠨ ᠤ ᠬᠠᠮᠳᠤᠷᠠᠭᠰᠠᠨ ᠨᠠᠮ ᠤᠨ ᠬᠤᠷᠢᠶ᠎ᠡ ᠨᠢ ︽7· 1 ᠪᠠᠨ ᠤᠭᠳᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠡᠨ ᠪᠡᠯᠭᠡᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠭᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠴᠢᠩᠭᠠᠳᠬᠠᠬᠤ ᠶᠢᠨ ᠲᠥᠯᠥᠭᠡ᠂ ᠬᠠᠳᠠᠪᠴᠢ ᠪᠠᠯᠭᠠᠰᠤᠨ ᠤ ᠬᠠᠮᠳᠤᠷᠠᠭᠰᠠᠨ ᠨᠠᠮ ᠤᠨ ᠬᠤᠷᠢᠶ᠎ᠠ ᠨᠢ 6 ᠰᠠᠷ᠎ᠠ ᠶᠢᠨ 28 ᠤ ᠡᠳᠦᠷ ︽7· 1 ᠪᠠᠨ  ᠤᠭᠳᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠡᠨ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠠᠳᠠᠪᠴᠢ ᠪᠠᠯᠭᠠᠰᠤᠨ ᠤ ᠬᠠᠮᠳᠤᠷᠠᠭᠰᠠᠨ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠶᠢᠨ ᠨᠠᠮ ᠤᠨ ᠭᠡᠰᠢᠭᠦᠨ ᠺᠠᠳ᠋ᠷ ᠠᠵᠢᠯᠳᠠᠨ᠂ ᠮᠠᠯᠴᠢᠨ ᠨᠠᠮ ᠤᠨ ᠭᠡᠰᠢᠭᠦᠨ ᠵᠢᠴᠢ ᠮᠠᠯᠴᠢᠨ ᠲᠥᠯᠥᠭᠡᠯᠡᠭᠴᠢ ᠨᠠᠷ ᠣᠷᠣᠯᠴᠠᠪᠠ᠃      ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠪᠡ      ᠬᠠᠳᠠᠪᠴᠢ ᠬᠢᠯᠢ ᠶᠢᠨ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠷᠢ ᠲᠡᠭᠰᠢ ᠪᠥᠭᠡᠳ ᠬᠦᠴᠦᠲᠡᠶ ᠠᠯᠬᠤᠭ᠎ᠠ ᠪᠠᠷ ᠤᠯᠤᠰ ᠤᠨ ᠲᠤᠭ ᠢ ᠬᠠᠮᠠᠭᠠᠯᠠᠨ ᠲᠤᠭ ᠮᠠᠨᠳᠤᠭᠤᠯᠬᠤ ᠲᠠᠶᠢᠰᠠ ᠵᠦᠭ ᠤᠷᠤᠭᠰᠢᠯᠠᠨ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠪᠥᠬᠦ ᠨᠠᠮ ᠤᠨ ᠭᠡᠰᠢᠭᠦᠳ ᠤᠯᠤᠰ ᠤᠨ ᠲᠤᠭ ᠵᠦᠭ ᠰᠢᠷᠳᠡᠬᠦ ᠶᠣᠰᠣ ᠬᠢᠵᠦ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠰᠦᠷ ᠳᠠᠯᠠᠶᠢᠲᠠᠢ ᠶᠠᠪᠤᠭᠳᠠᠭᠰᠠᠨ ᠪᠠᠶᠢᠨ᠎ᠠ᠃     ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠳᠠᠩᠭᠠᠷᠢᠭᠯᠠᠪᠠ      ᠪᠦᠬᠦ ᠨᠠᠮ ᠤᠨ ᠭᠡᠰᠢᠭᠦᠨ 1046 ᠳ᠋ᠤᠭᠠᠷ ᠬᠢᠯᠢ ᠶᠢᠨ ᠵᠠᠭᠠᠭ ᠤᠨ ᠬᠥᠰᠢᠶ᠎ᠡ ᠳᠤ ᠬᠦᠷᠴᠦ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠪᠠᠷᠠᠭᠤᠨ ᠨᠢᠳᠤᠷᠭ᠎ᠠ ᠪᠠᠨ ᠡᠷᠭᠦᠵᠦ᠂ ᠨᠠᠮ ᠳᠤ ᠣᠷᠣᠬᠤ ᠲᠠᠩᠭᠠᠷᠢᠭ  ᠢᠶᠠᠨ ᠲᠥᠪ ᠴᠢᠩᠭ᠎ᠠ ᠪᠠᠷ ᠲᠠᠩᠭᠠᠷᠢᠭᠯᠠᠵᠤ᠂ ᠤᠶᠤᠨ ᠰᠠᠨᠠᠭᠠᠨ ᠤ ᠳᠠᠪᠲᠠᠯᠲᠠ ᠶᠢ ᠳᠠᠬᠢᠨᠲᠠ ᠬᠦᠯᠢᠶᠡᠵᠦ᠂ ᠲᠥᠪ ᠴᠢᠩᠭ᠎ᠠ ᠠᠮᠠᠯᠠᠯᠲᠠ ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ ᠤᠨ ᠭᠡᠰᠢᠭᠦᠨ ᠤ ᠤᠯᠤᠰ ᠲᠦᠷᠦ ᠶᠢᠨ ᠬᠠᠷᠢᠭᠤᠴᠠᠯᠭ᠎ᠠ᠂ ᠠᠵᠢᠯ ᠤᠨ ᠡᠭᠦᠷᠭᠡᠯᠡᠯ ᠪᠣᠯᠤᠨ ᠢᠷᠠᠭᠤ ᠠᠯᠳᠠᠷᠲᠤ ᠡᠭᠦᠷᠭᠡ ᠶᠢ ᠪᠠᠲᠤ ᠴᠡᠭᠡᠵᠢᠯᠡᠬᠦ ᠶᠢ ᠲᠠᠬᠢᠨᠳᠠ ᠳᠠᠪᠳᠠᠭᠰᠠᠨ ᠪᠠᠶᠢᠨ᠎ᠠ᠃     ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠢᠨᠵᠧᠨᠧᠷᠢᠩ ᠤᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ      ᠪᠠᠯᠭᠠᠰᠤᠨ ᠤ ᠬᠠᠮᠲᠤᠷᠠᠭᠰᠠᠨ ᠨᠠᠮ ᠤᠨ ᠬᠤᠷᠢᠶᠠᠨ ᠤ ᠱᠦᠵᠢ ᠠᠴᠠ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠢᠨᠵᠧᠨᠧᠷᠢᠩ ᠤᠨ ᠴᠢᠬᠤᠯᠠ ᠠᠴᠢ ᠬᠤᠯᠪᠣᠭᠳᠠᠯ ᠪᠠ ᠠᠭᠤᠯᠤᠭᠳᠠᠬᠤᠨ ᠳᠤ ᠴᠢᠭᠯᠡᠭᠦᠯᠦᠨ᠂ ᠪᠥᠬᠦ ᠨᠠᠮ ᠤᠨ ᠭᠡᠰᠢᠭᠦᠨ ᠺᠠᠳ᠋ᠷᠴᠤᠳ ᠳᠤ ᠭᠦᠨᠵᠡᠭᠡᠶ ᠣᠶᠢᠯᠠᠭᠠᠮᠵᠢᠲᠠᠶ ᠲᠠᠶᠢᠯᠤᠮᠵᠢ ᠬᠢᠵᠦ᠂ ᠨᠠᠮ ᠤᠨ ᠭᠡᠰᠢᠭᠦᠨ ᠤ ᠠᠵᠢᠯ ᠪᠠ ᠠᠮᠢᠳᠤᠷᠠᠯ ᠤᠨ ᠳᠤᠮᠳᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠡᠬᠡ ᠤᠯᠤᠰ ᠢᠶᠠᠨ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃   ᠡᠬᠡ ᠣᠷᠣᠨᠴᠢ ᠦᠵᠡᠯ ᠤᠨ ᠬᠦᠮᠦᠵᠢᠯ ᠤᠨ ᠹᠢᠯᠢᠮ ᠢ ᠦᠵᠡᠪᠡ      ᠪᠦᠬᠦ ᠨᠠᠮ ᠤᠨ ᠭᠡᠰᠢᠭᠦᠳ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠹᠢᠯᠢᠮ ︽ᠠᠭᠤᠯᠠ ᠤᠰᠤᠨ ᠤ ᠤᠨ ᠵᠢᠯ ᠤᠳ︾ ᠭᠡᠬᠦ ᠺᠢᠨᠣ᠋ ᠶᠢ ᠰᠣᠨᠢᠷᠬᠠᠬᠤ ᠪᠠᠷ ᠳᠠᠮᠵᠢᠨ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠠᠬᠠᠮᠠᠳ ᠬᠤᠪᠢᠰᠬᠠᠯᠴᠢᠳ ᠤᠨ ᠡᠷᠬᠢᠮ ᠳᠡᠭᠡᠳᠦ ᠬᠦᠰᠡᠯᠡᠩ ᠪᠠ ᠪᠠᠭᠠᠲᠤᠷᠯᠢᠭ ᠦᠢᠯᠡ ᠠᠵᠢᠯᠯᠠᠭ᠎ᠠ ᠶᠢ ᠣᠶᠢᠯᠠᠭᠠᠵᠤ᠂ ᠨᠠᠮ ᠤᠨ ᠭᠡᠰᠢᠭᠦᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠪᠡ᠃    ᠤᠯᠤᠰ ᠤᠨ ᠲᠤᠭ ᠡᠯᠭᠦᠬᠦ ᠠᠵᠢᠯᠯᠠᠭ᠎ᠠ ᠦᠷᠨᠢᠭᠦᠯᠪᠡ      ᠬᠠᠮᠳᠤᠷᠠᠭᠰᠠᠨ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠢ ᠲᠠᠢ ᠬᠤᠯᠪᠣᠭᠠᠯᠠᠨ ᠲᠣᠭᠲᠠᠭᠰᠠᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠤᠯᠤᠰ ᠤᠨ ᠲᠤᠭ ᠡᠯᠭᠦᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠭᠦᠨ ᠵᠤᠵᠠᠭᠠᠨ ᠪᠣᠯᠭᠠᠵᠤ᠂ ᠲᠠᠪᠤᠨ ᠣᠳᠣᠲᠤ ᠤᠯᠠᠭᠠᠨ ᠲᠤᠭ ᠢ ᠬᠢᠯᠢ ᠶᠢᠨ ᠱᠤᠭᠤᠮ ᠳᠡᠭᠡᠷ᠎ᠡ ᠥᠨᠳᠥᠷ ᠨᠠᠮᠢᠷᠠᠭᠤᠯᠪᠠ᠃      ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠵᠣᠷᠢᠯᠭ᠎ᠠ ᠨᠢ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠤ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠲᠤᠬᠠᠶᠢᠯᠠᠭᠰᠠᠨ ᠠᠵᠢᠯ ᠳᠤ  ᠪᠠᠨ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号