ᠬᠠᠲᠠᠪᠴᠢ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/10
      ᠨᠠᠮ ᠤᠨ ᠲᠥᠪ ᠬᠤᠷᠢᠶᠠᠨ ᠤ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ  ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ  ᠬᠡᠰᠢᠬᠦᠨ ᠰᠤᠷᠤᠯᠴᠠᠯᠭ᠎ᠠ ᠳᠤ ᠣᠷᠣᠯᠴᠠᠪᠠ᠃      ᠲᠤᠰ ᠤᠳᠠᠭᠠᠨ ᠤ ᠨᠠᠮ ᠤᠨ ᠬᠢᠴᠢᠶᠡᠯ ᠨᠢ ︽ᠡᠷᠡᠮᠡᠬᠡᠶᠢᠯᠡᠨ ᠤᠷᠤᠭᠰᠢᠯᠠᠵᠤ ᠤᠭ ᠰᠠᠨᠠᠭ᠎ᠠ ᠪᠠᠨ ᠰᠠᠬᠢᠵᠤ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠶ᠎ᠠ︾ ᠭᠡᠬᠦ ᠰᠡᠳᠦᠪ ᠢᠶᠠᠷ᠂ ᠬᠠᠲᠠᠪᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠴᠡ‌‍ᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢᠶᠠᠷ ᠭᠤᠣᠯ ᠰᠢᠵᠢᠮ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠬᠤ᠂ ︽ᠳᠦᠷᠢᠮ︾ ᠳᠤ ᠵᠠᠰᠠᠪᠤᠷ᠊ ᠤᠷᠤᠭᠤᠯᠤᠭᠰᠠᠨ ᠰᠢᠯᠳᠠᠭᠠᠨ᠂  ᠭᠤᠤᠯᠳᠠᠯᠭᠠᠳᠤ ᠠᠭᠤᠯᠭ᠎ᠠ ᠶᠢᠨ ᠳᠠᠶᠢᠯᠤᠮᠵᠢ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠡᠷᠬᠢᠨ ᠰᠠᠶᠢᠲᠤᠷ ᠠᠳᠬᠤᠬᠤ ᠵᠡᠷᠭᠡ ᠳᠥᠷᠪᠡᠨ ᠲᠠᠯ᠎ᠠ ᠠᠴᠠ ᠬᠢᠴᠢᠶᠡᠯ ᠣᠷᠣᠪᠠ᠃      ᠨᠠᠮ ᠤᠨ ᠬᠢᠴᠢᠶᠡᠯ ᠠᠴᠠ᠂ ᠨᠢᠭᠡ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠡᠬᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾  ᠤᠨ ᠭᠤᠣᠯ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠳᠠᠭᠤᠷᠢᠶᠠᠯ ᠪᠣᠯᠵᠤ᠂ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠬᠤᠶᠠᠷ ᠲᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠵᠤ᠂ ᠤᠯᠠᠨ ᠲᠦᠮᠡᠨ ᠢ ᠬᠥᠲᠥᠯᠥᠨ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠨᠢᠭᠡ ᠤᠳᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠠ ᠰᠠᠬᠢᠯᠭ᠎ᠠ ᠪᠠᠲᠤ ᠶᠢᠨ ᠬᠥᠮᠦᠵᠢᠯ ᠬᠦᠷᠲᠡᠭᠡᠪᠡ᠃ ᠤᠯᠠᠨ ᠢᠶᠠᠷ ᠢᠶᠠᠨ᠂ ᠲᠤᠰ  ᠣᠳᠠᠭᠠᠨ ᠤ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠰᠠᠬᠢᠯᠭ᠎ᠠ ᠪᠠᠲᠤ ᠪᠣᠯᠣᠨ ᠶᠣᠰᠣ ᠳᠦᠷᠢᠮ ᠢ ᠭᠦᠨᠵᠡᠭᠡᠢ ᠰᠤᠷᠤᠯᠴᠠᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠬᠦ ᠶᠢ ᠪᠠᠷᠢᠮᠲᠠᠯᠠᠵᠤ᠂ ᠨᠠᠮᠴᠢ ᠴᠢᠨᠠᠷ ᠢ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠡᠷᠡᠮᠡᠬᠡᠶᠢᠯᠡᠬᠦ ᠰᠤᠷᠲᠠᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠡᠯ᠎ᠡ ᠵᠦᠢᠯ ᠤᠨ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号