ᠮᠠᠨ ᠤ ᠬᠤᠰᠢᠭᠤ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 16 ᠤ ᠡᠳᠦᠷ᠂《ᠳᠡᠭᠡᠵᠢ ᠮᠠᠯᠴᠢᠨ ᠠᠶᠢᠯ  ᠵᠤᠰᠠᠭᠠᠯ》 ᠤᠨ ᠭᠠᠵᠠᠷ ᠲᠤ᠂ ᠮᠠᠨ ᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ  ᠶᠠᠪᠤᠭᠳᠠᠭᠰᠠᠨ ᠪᠠᠶᠢᠨ᠎ᠠ  ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠥᠨᠢ ᠤᠳᠠᠭᠠᠨ ᠲᠡᠦᠬᠡ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠠᠴᠢᠶᠠᠯᠠᠵᠤ᠂ ᠮᠠᠨ ᠤ ᠤᠯᠤᠰ ᠤᠨ ᠠᠷᠠᠳ ᠤᠨ ᠰᠣᠶᠣᠯ ᠤᠨ ᠥᠪ ᠤᠨ ᠦᠨᠡᠲᠦ ᠡᠷᠳᠡᠨᠢ ᠪᠣᠯᠤᠭᠰᠠᠨ ᠪᠠᠶᠢᠨ᠎ᠠ  ᠃      ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠭᠤᠤᠯ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ  ᠃      ᠠᠵᠢᠯᠯᠠᠭ᠎ᠠ ᠡᠬᠢᠯᠡᠬᠦ ᠠᠴᠠ ᠡᠮᠦᠨ᠎ᠡ᠂ ᠲᠠᠮᠢᠷᠴᠢᠳ ᠵᠢᠴᠢ ᠬᠢᠨᠠᠭᠴᠢᠳ ᠳᠠᠷᠠᠭᠠᠯᠠᠨ ᠲᠠᠯᠠᠪᠠᠢ ᠳᠤ ᠣᠷᠣᠵᠤ᠂ ᠲᠥᠯᠥᠭᠡᠯᠡᠭᠴᠢ ᠠᠴᠠ ᠲᠤᠰ ᠲᠤᠰ  ᠲᠠᠩᠭᠠᠷᠢᠭᠯᠠᠭᠰᠠᠨ ᠪᠠᠶᠢᠨ᠎ᠠ  ᠃      ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠠᠴᠠ ᠵᠡᠭᠦᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠪᠠ  ᠃      ᠠᠵᠢᠯᠯᠠᠭ᠎ᠠ ᠳᠤᠮᠳᠠ᠂ 《 ᠵᠠᠩᠭᠠᠷ ᠤᠨ ᠠᠷᠪᠠᠨ ᠬᠤᠶᠠᠷ ᠪᠠᠭᠠᠲᠤᠷ ᠤᠨ ᠮᠠᠭᠲᠠᠭᠠᠯ 》᠂ ᠮᠣᠷᠢᠨ ᠬᠤᠭᠤᠷ  ᠤᠨ ᠠᠶᠠᠯᠭᠤ  ᠂ ᠤᠷᠲᠤ ᠶᠢᠨ ᠳᠠᠭᠤᠤ《 ᠴᠠᠭᠠᠨ ᠲᠣᠬᠤᠶ ᠨᠤᠲᠤᠭ 》 ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ  ᠦᠵᠡᠭᠴᠢ ᠣᠯᠠᠨ ᠢᠶᠠᠨ ᠪᠠᠶᠠᠰᠬᠠᠯ᠎ᠠ  ᠃      ᠲᠤᠰ ᠤᠳᠠᠭᠠᠨ ᠤ ᠤᠷᠤᠯᠳᠤᠭᠠᠨ ᠳᠤ ᠪᠥᠬᠡ ᠪᠠᠷᠢᠯᠳᠤᠬᠤ᠂ ᠨᠤᠮᠤ ᠰᠤᠮᠤ ᠬᠠᠷᠪᠤᠬᠤ᠂ ᠰᠢᠲᠠᠷ᠎ᠠ ᠵᠡᠷᠭᠡ ᠭᠤᠷᠪᠠᠨ ᠲᠥᠷᠥᠯ ᠢ ᠲᠣᠬᠢᠷᠠᠭᠤᠯᠪᠠ᠃ ᠪᠥᠬᠡ ᠪᠠᠷᠢᠯᠳᠤᠬᠤ ᠪᠣᠯᠤᠨ ᠨᠤᠮᠤ ᠰᠤᠮᠤ ᠬᠠᠷᠪᠤᠬᠤ ᠪᠣᠯ ᠮᠣᠩᠭᠤᠯ ᠦᠨᠳᠦᠰᠦᠲᠡᠨ ᠤ 《 ᠡᠷ᠎ᠡ ᠶᠢᠨ ᠭᠤᠷᠪᠠᠨ ᠨᠠᠭᠠᠳᠤᠮ 》 ᠤᠨ ᠬᠤᠶᠠᠷ ᠲᠣᠮᠣ ᠲᠥᠷᠥᠯ  ᠂ ᠰᠢᠳᠠᠷ᠎ᠠ ᠪᠣᠯ ᠤᠯᠤᠰ  ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠩᠬᠢᠨᠢ ᠤᠷᠤᠯᠳᠤᠭᠠᠨ ᠤ ᠲᠥᠷᠥᠯ ᠵᠦᠶᠯ ᠳᠤ ᠵᠢᠭᠰᠠᠭᠠᠭᠳᠠᠭᠰᠠᠨ ᠤᠶᠤᠨ ᠤ ᠲᠣᠭᠯᠠᠭᠠᠮ  ᠪᠣᠯᠬᠤ ᠶᠤᠮ  ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠨᠡᠶᠢᠲᠡ 4 ᠰᠤᠷᠭᠠᠭᠤᠯᠢ ᠶᠢᠨ 208 ᠰᠣᠷᠣᠭᠴᠢ ᠣᠷᠣᠯᠴᠠᠵᠠᠶ  ᠃ ᠣᠶᠤᠨ ᠤᠬᠠᠭᠠᠨ ᠪᠠ ᠤᠷ᠎ᠠ ᠮᠡᠷᠭᠡᠵᠢᠯ   ᠤᠨ ᠦᠵᠡᠯᠴᠡᠭᠡᠨ ᠨᠢ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠲᠠᠮᠢᠷᠴᠢᠳ ᠤᠨ ᠡᠯ᠎ᠡ ᠲᠥᠷᠦᠯ   ᠤᠨ ᠤᠷᠤᠯᠳᠤᠭᠠᠨ ᠤ ᠠᠭᠱᠠᠨ ᠵᠠᠭᠤᠷ᠎ᠠ ᠶᠢ ᠲᠡᠮᠳᠡᠭᠯᠡᠪᠡ  ᠃      ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠰᠤᠷ ᠬᠠᠷᠪᠤᠯᠲᠠ ᠶᠢᠨ ᠤᠷᠤᠯᠳᠤᠭᠠᠨ  ᠤ ᠡᠷᠡᠭᠲᠡᠶ  ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠬᠥᠯᠭᠡᠨ᠂ ᠡᠮᠡᠭᠲᠡᠶ ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠰᠤᠳᠤᠨᠴᠢᠮᠡᠭ᠂ ᠨᠠᠷᠠᠨ ᠭᠤᠣᠯ ᠢ ᠤᠨᠤᠭᠠᠵᠤ ᠬᠠᠷᠪᠤᠭᠰᠠᠨ ᠨᠢ ᠢᠪᠡᠭᠡᠯ᠂  ᠴᠣᠭᠪᠢᠯᠢᠭ᠌᠂ ᠰᠤᠳᠤᠨᠴᠢᠮᠡᠭ᠂  ᠬᠥᠯᠭᠡᠨ᠂ ᠳᠠᠮᠷᠢᠨᠵᠠᠪ᠂ ᠠᠯᠮᠠᠰ  ᠵᠡᠷᠭᠡ ᠰᠤᠷᠤᠭᠴᠢᠳ ᠪᠣᠯᠤᠨ᠎ᠠ᠃      ᠪᠦᠬᠡ ᠶᠢᠨ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠠᠵᠠᠵᠠᠶᠠᠭ᠎ᠠ᠂ ᠠᠩᠬ᠎ᠠ ᠳᠤᠮᠳᠠᠳᠣ   ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ  ᠳᠤ ᠲᠡᠮᠦᠷ᠎ᠡ᠂ ᠥᠨᠳᠥᠷ ᠳᠤᠮᠳᠠᠳᠤ  ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ  ᠳᠤ ᠡᠩᠬᠡᠮᠡᠨᠳᠦ᠂ ᠬᠠᠮᠲᠤ  ᠨᠢᠭᠡᠴᠢ ᠶᠢᠨ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠮᠠᠩᠯᠠᠶᠢᠯᠠᠭᠰᠠᠨ ᠪᠠᠶᠢᠨ᠎ᠠ᠃        ᠰᠢᠲᠠᠷ᠎ᠠ ᠶᠢᠨ ᠤᠷᠤᠯᠳᠤᠭᠠᠨ  ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠠᠯᠲᠠᠠᠳᠤᠭᠤᠯᠭ᠎ᠠ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠳᠠᠯᠠᠶᠢᠪᠤᠯᠠᠭ᠂ ᠬᠠᠮᠲᠤ  ᠨᠢᠭᠡᠴᠢ ᠶᠢᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ ᠵᠡᠭᠦᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂  ᠳᠤᠮᠳᠠᠳᠤ ᠰᠤᠷᠭᠠᠭᠤᠯᠢ ᠶᠢᠨ ᠳᠤᠭᠤᠶᠢᠯᠠᠩ ᠳᠤ ᠨᠢᠭᠡᠳᠦᠭᠡᠷ ᠳᠤᠮᠳᠠᠳᠤ ᠰᠤᠷᠭᠠᠭᠤᠯᠢ ᠲᠣᠳᠤᠷᠠᠭᠰᠠᠨ ᠪᠠᠶᠢᠨ᠎ᠠ  ᠃        ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠮᠠᠨ ᠤ ᠬᠤᠰᠢᠭᠤᠨ ᠤ ᠪᠡᠶ᠎ᠡ ᠶᠢᠨ ᠲᠠᠮᠢᠷ ᠤᠨ ᠦᠶᠯᠡᠰ  ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠵᠡᠭᠦᠨ ᠦᠵᠦᠮᠦᠴᠢᠨ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号