ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠲᠠᠲᠤ ᠶᠠᠪᠤᠳᠠᠯ ᠤᠨ ᠲᠥᠷᠦᠯ ᠵᠦᠢᠯ ᠢ ᠱᠠᠯᠠᠪᠳᠠᠨ ᠪᠠᠶᠢᠴᠠᠭᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/7/11
      6 ᠳ᠋ᠤᠭᠠᠷ ᠰᠠᠷ᠎ᠠ ᠶᠢᠨ 14 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠦᠭᠡᠯᠡᠭᠴᠢ ᠫᠢᠶᠤᠤ ᠥᠭᠴᠦ ᠲᠣᠭᠳᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ  ᠱᠠᠯᠠᠪᠳᠠᠨ ᠪᠠᠶᠢᠴᠠᠭᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ  ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠬᠤᠷᠠᠯ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠤᠷᠠᠯ ᠠᠴᠠ《 ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠬᠢᠨᠠᠯᠲᠠ ᠲᠠᠯᠪᠢᠬᠤ ᠠᠵᠢᠯ ᠤᠨ ᠲᠥᠰᠦᠯ 》 ᠢ ᠤᠩᠰᠢᠨ ᠨᠡᠶᠢᠲᠡᠯᠡᠵᠦ᠂ ᠡᠯ᠎ᠡ ᠠᠷᠠᠳ ᠤᠨ ᠠᠮᠢᠳᠤᠷᠠᠯ  ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠳᠠᠭᠠᠭᠠᠨ ᠠᠪᠴᠤ ᠭᠦᠶᠴᠡᠳᠬᠡᠬᠦ ᠨᠢᠭᠡᠴᠡ ᠲᠥᠷᠥᠯ ᠵᠦᠶᠯ ᠤᠨ ᠠᠬᠢᠴᠠ ᠶᠢᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠬᠦ ᠶᠢᠨ ᠬᠠᠮᠲᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ  ᠃      ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠨᠢ ᠠᠷᠠᠳ ᠤᠨ ᠠᠮᠢᠳᠤᠷᠠᠯ ᠤᠨ ᠵᠤᠯ ᠵᠢᠷᠭᠠᠯ ᠲᠠᠢ ᠬᠤᠯᠪᠣᠭᠳᠠᠵᠤ᠂ ᠬᠤᠰᠢᠭᠤ ᠳᠠᠶᠠᠭᠠᠷ ᠢᠶᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠷᠭ᠎ᠠ ᠬᠡᠮᠵᠢᠶ᠎ᠡ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠮᠵᠢᠯᠴᠠᠨ ᠬᠦᠴᠦᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠳᠤ ᠨᠠᠩ ᠬᠦᠴᠦᠲᠡᠶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠠᠵᠢᠯ ᠤᠨ ᠳᠡᠮᠵᠢᠯᠭᠡ ᠬᠠᠩᠭᠠᠬᠤ ᠬᠡᠷᠡᠭᠲᠡᠶ ᠭᠡᠵᠡᠢ  ᠃      ᠬᠤᠷᠠᠯ ᠠᠴᠠ᠂ ᠡᠯ᠎ᠡ ᠨᠢᠭᠡᠴᠢ ᠰᠠᠯᠠᠭ᠎ᠠ ᠮᠥᠴᠢᠷ ᠤᠨ ᠬᠢᠨ ᠠᠷᠠᠳ ᠤᠯᠠᠨ ᠳᠤ  ᠪᠤᠳᠠᠳᠠᠢ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ᠂ ᠤᠴᠢᠷ ᠶᠠᠪᠤᠳᠠᠯ ᠪᠦᠲᠦᠭᠡᠬᠦ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ  ᠤᠨ ᠲᠥᠯᠦᠭᠡᠯᠡᠭᠴᠢ ᠫᠢᠶᠤᠤ ᠥᠭᠴᠦ  ᠲᠣᠭᠳᠠᠭᠠᠬᠤ ᠲᠦᠷᠢᠮ ᠤᠨ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠡᠴᠦᠰ ᠤᠨ ᠪᠠᠷᠢᠮᠵᠢᠶ᠎ᠠ ᠪᠣᠯᠭᠠᠵᠤ᠂ ᠬᠡᠷᠡᠭᠵᠢᠭᠦᠯᠬᠦ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠪᠠᠶᠢᠷᠢᠯᠠᠭᠤᠯᠵᠤ᠂ ᠲᠦᠷᠦᠯ ᠵᠦᠢᠯ ᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠦᠷᠦᠯ ᠵᠦᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号