ᠬᠠᠳᠠᠪᠴᠢ ᠪᠠᠯᠭᠠᠰᠤᠨ ᠤ ᠰᠢᠷᠠᠬᠠᠳᠠ ᠭᠠᠴᠠᠭᠠᠨ ᠤ ᠨᠠᠮ ᠤᠨ ᠡᠭᠦᠷ ︽7· 1 ᠪᠠᠨ ᠤᠭᠲᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠪᠦᠬᠦ ᠨᠠᠮ ᠤᠨ ᠭᠡᠰᠢᠭᠦᠨ ᠤ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠬᠠᠳᠠᠪᠴᠢ ᠪᠠᠯᠭᠠᠰᠤᠨ ᠤ ᠰᠢᠷᠠᠬᠠᠳᠠ ᠭᠠᠴᠠᠭᠠᠨ ᠤ ᠨᠠᠮ ᠤᠨ ᠡᠭᠦᠷ ︽7· 1  ᠢᠶᠠᠨ ᠤᠭᠲᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠨᠠᠮ ᠳᠤ ᠣᠷᠣᠬᠤ ᠲᠠᠩᠭᠠᠷᠢᠭ  ᠢᠶᠠᠨ ᠳᠠᠬᠢᠨ ᠳᠠᠩᠭᠠᠷᠢᠭᠯᠠᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ  ᠶᠢ  ᠪᠠᠨ ᠪᠠᠲᠤ ᠴᠡᠭᠡᠵᠢᠯᠡᠪᠡ      ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠨ᠎ᠠ ᠁︾ ᠪᠦᠬᠦ ᠨᠠᠮ ᠤᠨ ᠭᠡᠰᠢᠭᠦᠳ ᠲᠠᠩᠭᠠᠷᠢᠭᠯᠠᠭᠰᠠᠳ ᠤᠨ ᠳᠠᠭᠠᠭᠤᠯᠭ᠎ᠠ ᠳᠣᠣᠷ᠎ᠠ ᠪᠠᠷᠠᠭᠤᠨ ᠨᠢᠳᠤᠷᠭ᠎ᠠ ᠪᠠᠨ ᠡᠷᠬᠦᠨ᠂ ᠳᠠᠬᠢᠨᠲᠠ ᠡᠷᠡᠰ ᠪᠠᠲᠤ ᠲᠠᠩᠭᠠᠷᠢᠭ ᠢᠶᠠᠷ ᠢᠶᠠᠨ ᠨᠠᠮ ᠳᠤ ᠣᠷᠣᠬᠤ ᠤᠭ ᠰᠠᠨᠠᠭ᠎ᠠ ᠪᠠᠨ ᠢᠯᠡᠳᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠤᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠦᠢᠯᠡᠳᠦᠯᠭᠡᠵᠢᠭᠦᠯᠪᠡ᠃      ᠲᠤᠰᠬᠠᠶ ᠰᠡᠳᠦᠪᠲᠦ ᠨᠠᠮ ᠤᠨ ᠬᠢᠴᠢᠶᠡᠯ ᠢ ᠰᠣᠨᠣᠰᠴᠤ ᠰᠠᠬᠢᠯᠭ᠎ᠠ ᠪᠠᠲᠤ ᠶᠢᠨ ᠲᠣᠭᠲᠠᠯ ᠬᠦᠴᠦᠨ ᠢ ᠪᠠᠨ ᠴᠢᠩᠭᠠᠳᠬᠠᠪᠠ      ᠨᠠᠮ ᠤᠨ ᠡᠭᠦᠷ ᠤᠨ ᠱᠦᠵᠢ ︽ᠲᠦᠷᠢᠮ ᠲᠤᠭᠳᠠᠭᠠᠯ︾ ᠤᠨ ᠣᠯᠤᠯᠲᠠ ᠣᠶᠢᠯᠠᠭᠠᠯᠲᠠ ᠪᠠ ᠨᠠᠮ ᠤᠨ ᠭᠡᠰᠢᠭᠦᠨ ᠤ ᠦᠢᠯᠡ ᠠᠵᠢᠯᠯᠠᠭ᠎ᠠ ᠶᠢᠨ ᠵᠢᠷᠤᠮᠵᠢᠯᠠᠯ ᠤᠨ ᠲᠣᠭᠤᠷᠢᠨ ᠳᠤ᠂ ᠲᠤᠰᠬᠠᠶ ᠰᠡᠳᠦᠪᠲᠦ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠵᠦ᠂ ᠪᠥᠬᠦ ᠨᠠᠮ ᠤᠨ ᠭᠡᠰᠢᠭᠦᠨ ᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠨᠠᠮ ᠤᠨ ᠰᠠᠬᠢᠯᠭ᠎ᠠ ᠪᠠᠲᠤ ᠶᠢ ᠨᠠᠷᠢᠨ ᠬᠢᠨᠠᠮᠠᠭᠠᠶ ᠰᠤᠷᠤᠯᠴᠠᠵᠤ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠶᠢ ᠵᠢᠷᠤᠮᠯᠠᠬᠤ ᠶᠢ ᠱᠠᠭᠠᠷᠳᠠᠵᠤ᠂ ᠡᠷᠬᠡᠪᠰᠢ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢ ᠪᠠᠨ ᠨᠢᠭᠡᠳᠦᠯᠲᠡᠶ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠬᠠᠮᠲᠤ ᠶᠢᠨ ᠰᠣᠷᠣᠯᠴᠠᠯᠭ᠎ᠠ ᠪᠠᠷ ᠦᠵᠡᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠰᠠᠭᠤᠷᠢ ᠶᠢ ᠪᠠᠲᠤᠳᠬᠠᠪᠠ      ᠬᠤᠯᠪᠣᠭᠠᠯᠠᠨ ᠳᠠᠭᠠᠭᠠᠴᠢᠯᠠᠭᠰᠠᠨ ᠤᠳᠤᠷᠢᠳᠤᠯᠭ᠎ᠠ ᠠᠴᠠ ︽︿ᠪᠠᠷᠢᠮᠵᠢᠶ᠎ᠠ ᠲᠠᠢ ᠬᠠᠷᠭᠤᠭᠤᠯᠵᠦ ᠲᠡᠷᠢᠭᠦᠨ ᠢ ᠡᠭᠦᠳᠬᠦ﹀ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠠᠲᠤ ᠴᠢᠩᠭ᠎ᠠ ᠪᠠᠬᠢᠯᠡᠯᠲᠡ ᠶᠢ ᠪᠠᠶᠢᠭᠤᠯᠬᠤ ︿ᠵᠢᠱᠢᠶᠡᠴᠢ﹀ ᠨᠠᠮ ᠤᠨ ᠡᠭᠦᠷ ᠤᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾        ︽ᠵᠡᠭᠦᠨ ᠦᠵᠦᠮᠦᠴᠢᠨ ᠬᠤᠰᠢᠭᠤᠨ ᠤ ︿ᠪᠠᠷᠢᠮᠵᠢᠶ᠎ᠠ ᠲᠠᠢ ᠬᠠᠷᠭᠤᠭᠤᠯᠵᠦ ᠲᠡᠷᠢᠭᠦᠨ ᠢ ᠡᠭᠦᠳᠬᠦ﹀ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠬᠠᠢ ᠠᠵᠢᠯᠯᠠᠭ᠎ᠠ ︵ᠲᠣᠷᠰᠢᠨ ᠬᠡᠷᠡᠭᠵᠢᠭᠦᠯᠬᠦ︶︾᠂ ︽ᠵᠡᠭᠦᠨ ᠦᠵᠦᠮᠦᠴᠢᠨ ᠬᠤᠰᠢᠭᠤᠨ ᠤ ︿ᠪᠠᠷᠢᠮᠵᠢᠶ᠎ᠠ ᠲᠠᠢ ᠬᠠᠷᠭᠤᠭᠤᠯᠵᠦ ᠲᠡᠷᠢᠭᠦᠨ ᠢ ᠡᠭᠦᠳᠬᠦ﹀ ᠠᠵᠢᠯᠯᠠᠭ᠎ᠠ ᠶᠢᠨ ᠵᠦᠭᠯᠡᠭᠦᠷ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠡᠭᠦᠷ ᠤᠨ ᠱᠦᠵᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾  ︽ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠤᠨ ᠲᠤᠭ ᠢ ᠮᠠᠨᠳᠤᠭᠤᠯᠵᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾          ︵ᠳᠣᠯᠣᠳᠤᠭᠠᠷ ᠪᠦᠯᠦᠭ ᠠᠴᠠ ᠶᠢᠰᠦᠳᠦᠭᠡᠷ ᠪᠦᠯᠦᠭ︶ ᠢ ᠳᠠᠭᠠᠭᠤᠯᠤᠨ ᠰᠤᠷᠤᠯᠴᠠᠪᠠ᠃      ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ ᠦᠯᠢᠭᠡᠷ ᠳᠠᠭᠤᠷᠢᠶᠠᠯ ᠢᠶᠠᠷ ᠬᠦᠴᠦᠨ ᠴᠢᠳᠠᠯ ᠢᠶᠠᠨ ᠨᠢᠭᠳᠠᠷᠠᠭᠤᠯᠪᠠ      ᠠᠵᠢᠯᠯᠠᠭ᠎ᠠ ᠶᠢᠨ ᠳᠤᠮᠳᠠ᠂ 2023 ᠣᠨ ᠤ 3 ᠰᠢᠯᠢᠳᠡᠭ ᠡᠪ ᠬᠠᠮᠲᠤ ᠨᠠᠮ ᠤᠨ ᠭᠡᠰᠢᠭᠦᠨ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠥᠪ ᠴᠢᠩᠭ᠎ᠠ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠡᠳᠡᠭᠡᠷ ᠲᠡᠷᠢᠭᠦᠨ ᠤ ᠬᠡᠪ ᠳᠠᠭᠤᠷᠢᠶᠠᠯ ᠨᠢ ᠲᠤᠰ ᠲᠤᠰ ᠤᠨ ᠠᠵᠢᠯ ᠪᠠ ᠠᠮᠢᠳᠤᠷᠠᠯ ᠤᠨ ᠳᠤᠮᠳᠠ᠂ ᠡᠷᠡᠰ ᠪᠠᠲᠤ ᠤᠯᠤᠰ ᠲᠦᠷᠦ ᠶᠢᠨ ᠢᠲᠡᠭᠡᠯ ᠵᠣᠷᠢᠭ᠂ ᠡᠷᠬᠢᠮ ᠳᠡᠭᠡᠳᠦ ᠵᠠᠩ ᠮᠣᠷᠠᠯ ᠤᠨ ᠪᠣᠯᠪᠠᠰᠤᠷᠠᠯ ᠪᠠ ᠭᠠᠷᠮᠠᠭᠠᠢ ᠠᠵᠢᠯ ᠤᠨ ᠠᠮᠵᠢᠯᠲᠠ ᠪᠦᠲᠦᠮᠵᠢ ᠪᠠᠷ ᠥᠷᠭᠡᠨ ᠤᠯᠠᠨ ᠨᠠᠮ ᠤᠨ ᠭᠡᠰᠢᠭᠦᠨ ᠪᠠ ᠤᠯᠠᠨ ᠲᠦᠮᠡᠨ ᠤ ᠬᠦᠷᠢᠶᠡᠯᠡᠯ ᠢ ᠣᠯᠵᠠᠢ᠃      ᠲᠤᠬᠤᠨᠢᠭᠤᠯᠭ᠎ᠠ ᠬᠦᠷᠭᠡᠨ ᠨᠠᠮ ᠤᠨ ᠬᠠᠶᠢᠷ᠎ᠠ ᠬᠠᠯᠠᠮᠵᠢ ᠪᠠᠷ ᠲᠤᠯᠠᠭᠠᠴᠠᠭᠤᠯᠪᠡ      ᠨᠠᠮ ᠤᠨ ᠡᠭᠦᠷ ᠤᠨ ᠭᠡᠰᠢᠬᠦᠳ ᠠᠬᠠᠮᠠᠳ ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠤ ᠠᠮᠢᠳᠤᠷᠠᠯ ᠤᠨ ᠣᠷᠴᠢᠨ ᠲᠣᠭᠤᠷᠢᠨ ᠢ ᠣᠶᠢᠯᠠᠭᠠᠵᠤ᠂ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠲᠡᠳᠡᠨ ᠢ ᠢᠳᠡᠪᠬᠢᠲᠡᠢ ᠬᠠᠪᠰᠤᠷᠤᠨ ᠬᠦᠴᠢᠷ ᠠᠰᠠᠭᠤᠳᠠᠯ ᠢ ᠨᠢ ᠢᠯᠡᠨ ᠳᠠᠪᠠᠭ᠋ᠤ ᠳᠤ ᠨᠢ ᠳᠤᠰᠠᠯᠠᠵᠦ᠂ ᠨᠠᠮ ᠤᠨ ᠬᠠᠶᠢᠷ᠎ᠠ ᠬᠠᠯᠠᠮᠵᠢ ᠪᠠᠷ ᠲᠤᠯᠠᠭᠠᠴᠠᠭᠤᠯᠤᠭᠰᠠᠨ ᠪᠠᠶᠢᠨ᠎ᠠ᠃     ᠬᠦᠮᠦᠵᠢᠬᠦᠯᠬᠦ ᠡᠲᠡᠭᠡᠳ ᠢ ᠲᠣᠭᠲᠠᠭᠠᠵᠤ ᠰᠢᠨ᠎ᠡ ᠬᠦᠴᠦᠨ ᠢ ᠨᠢᠭᠳᠠᠷᠠᠭᠤᠯᠪᠠ      ᠨᠠᠮ ᠤᠨ ᠭᠡᠰᠢᠭᠦᠳ ᠤᠨ ᠶᠡᠭᠡ ᠬᠤᠷᠠᠯ ᠳᠡᠭᠡᠷ᠎ᠡ᠂ ᠬᠦᠮᠦᠵᠢᠬᠦᠯᠬᠦ ᠡᠲᠡᠭᠡᠳ ᠤᠨ ᠣᠶᠢᠷ᠎ᠠ ᠶᠢᠨ ᠬᠤᠭᠤᠴᠠᠭᠠᠨ ᠤ ᠢᠯᠡᠷᠡᠯ ᠤᠨ ᠪᠠᠶᠢᠳᠠᠯ ᠢ ᠲᠠᠨᠢᠯᠴᠠᠭᠤᠯᠵᠤ᠂ ᠲᠤᠭᠳᠠᠭᠠᠯ ᠶᠣᠰᠣᠭᠠᠷ ᠬᠦᠮᠦᠵᠢᠬᠦᠯᠬᠦ ᠡᠲᠡᠭᠡᠳ ᠢ 1  ᠨᠡᠷᠡᠰ ᠲᠣᠭᠲᠠᠭᠠᠪᠠ᠃ ᠨᠠᠮ ᠤᠨ ᠡᠭᠦᠷ ᠤᠨ ᠱᠦᠵᠢ ᠬᠦᠮᠦᠵᠢᠬᠦᠯᠬᠦ ᠡᠲᠡᠭᠡᠳ ᠢ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠦᠷᠭᠦᠯᠵᠢᠯᠡᠨ ᠰᠤᠷᠤᠯᠴᠠᠵᠤ᠂ ᠨᠠᠮ ᠤᠨ ᠰᠢᠯᠢᠳᠡᠭ ᠤᠯᠠᠮᠵᠢᠯᠠᠯ ᠢ ᠰᠠᠨᠠᠭᠠᠴᠢᠯᠠᠭ᠎ᠠ ᠠᠴᠠ ᠪᠠᠨ ᠤᠯᠠᠮᠵᠢᠯᠠᠵᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠴᠢᠷᠮᠠᠶᠢᠨ ᠲᠡᠮᠡᠴᠡᠵᠦ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠂ ᠨᠠᠮ ᠤᠨ ᠡᠭᠦᠷ ᠤᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ  ᠴᠢᠩᠭᠠᠷᠠᠭᠤᠯᠵᠦ ᠂ ᠪᠥᠬᠦ ᠨᠠᠮ ᠤᠨ ᠭᠡᠰᠢᠭᠦᠳ ᠤᠨ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠪᠠ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠵᠣᠷᠢᠭᠵᠢᠭᠤᠯᠪᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号