ᠬᠠᠳᠠᠪᠴᠢ ᠪᠠᠯᠭᠠᠰᠤᠨ ᠤ ᠪᠠᠶᠠᠨᠳᠤᠯᠠᠭᠠᠨ ᠭᠠᠴᠠᠭ᠎ᠠ ᠨᠢ ︽7·1 ᠢᠶᠠᠨ ᠤᠭᠳᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 29 ᠤ ᠡᠳᠦᠷ᠂ ᠬᠠᠳᠠᠪᠴᠢ ᠪᠠᠯᠭᠠᠰᠤᠨ ᠤ ᠪᠠᠶᠠᠨᠳᠤᠯᠠᠭᠠᠨ ᠭᠠᠴᠠᠭ᠎ᠠ ᠨᠢ ︽7.1 ᠢᠶᠠᠨ ᠤᠭᠳᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠥᠪ ᠬᠢᠴᠢᠶᠡᠩᠭᠦᠢ ᠪᠠᠷ ᠲᠠᠬᠢᠨ ᠡᠷᠭᠢᠴᠡᠭᠦᠯᠪᠡ᠂ ᠲᠡᠷᠡᠬᠦ ᠡᠷᠡᠰ ᠪᠠᠲᠤ ᠲᠠᠩᠭᠠᠷᠢᠭ ᠨᠢ ᠬᠥᠮᠦᠨ ᠨᠢᠭᠡᠪᠦᠷᠢ ᠶᠢᠨ ᠰᠡᠳᠬᠢᠯ ᠳᠤ ᠬᠠᠳᠠᠩᠰᠢᠵᠤ᠂ ᠨᠠᠮ ᠤᠨ ᠭᠡᠰᠢᠭᠦᠳ ᠤᠨ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠢᠲᠡᠭᠡᠯ ᠵᠣᠷᠢᠭ ᠢ ᠳᠠᠬᠢᠨᠲᠠ ᠪᠠᠲᠤᠳᠬᠠᠪᠠ᠃      ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ ᠠᠴᠠ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠮᠠᠨᠳᠤᠭᠤᠯᠵᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠳᠠᠭᠠᠭᠤᠯᠤᠨ ᠰᠤᠷᠤᠯᠴᠠᠵᠤ᠂ ᠤᠯᠤᠰ ᠤᠨ ᠲᠤᠭ ᠤᠨ ᠨᠡᠷ᠎ᠡ ᠬᠦᠨᠳᠦ ᠪᠣᠯᠤᠨ ᠬᠡᠷᠡᠭᠯᠡᠬᠦ ᠵᠢᠷᠤᠮᠵᠢᠯ ᠤᠨ ᠲᠤᠬᠠᠶ ᠣᠯᠠᠨ ᠤ ᠲᠠᠨᠢᠯᠲᠠ ᠶᠢ ᠴᠢᠩᠭᠠᠳᠬᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︿ᠪᠠᠷᠢᠮᠵᠢᠶ᠎ᠠ ᠲᠠᠢ ᠬᠠᠷᠭᠤᠭᠤᠯᠵᠣ ᠲᠡᠷᠢᠭᠦᠨ ᠤ ᠬᠢ ᠶᠢ ᠡᠭᠦᠳᠬᠦ﹀ ᠠᠵᠢᠯᠯᠠᠭ᠎ᠠ ᠶᠢ ᠬᠦᠨᠵᠡᠭᠡᠶᠢᠷᠡᠭᠦᠯᠵᠦ᠂ ᠪᠠᠲᠤ ᠴᠢᠩᠭ᠎ᠠ ᠪᠠᠬᠢᠯᠡᠯᠲᠡ   ᠲᠠᠢ ︿ᠵᠢᠱᠢᠶᠡᠴᠢ﹀ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ︽ᠵᠡᠭᠦᠨ ᠦᠵᠦᠮᠦᠴᠢᠨ ᠬᠤᠰᠢᠭᠤᠨ ᠤ ︿ᠪᠠᠷᠢᠮᠵᠢᠶ᠎ᠠ ᠲᠠᠢ ᠬᠠᠷᠭᠤᠭᠤᠯᠵᠣ ᠲᠡᠷᠢᠭᠦᠨ ᠤ ᠬᠢ  ᠶᠢ ᠡᠭᠦᠳᠬᠦ﹀ ᠠᠵᠢᠯᠯᠠᠭ᠎ᠠ ᠶᠢ ᠬᠦᠨᠵᠡᠭᠡᠶᠢᠷᠡᠭᠦᠯᠵᠦ᠂ ᠪᠠᠲᠤ ᠴᠢᠩᠭ᠎ᠠ ᠪᠠᠬᠢᠯᠡᠯᠲᠡ ᠲᠠᠢ ︿ᠵᠢᠱᠢᠶᠡᠴᠢ﹀ ᠨᠠᠮ ᠤᠨ ᠡᠭᠦᠷ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠢᠴᠢ ︽ᠵᠡᠭᠦᠨ ᠦᠵᠦᠮᠦᠴᠢᠨ ᠬᠤᠰᠢᠭᠤᠨ ᠤ ︿ᠪᠠᠷᠢᠮᠵᠢᠶ᠎ᠠ ᠲᠠᠢ ᠬᠠᠷᠭᠤᠭᠤᠯᠵᠣ ᠲᠡᠷᠢᠭᠦᠨ ᠤ ᠬᠢ ᠶᠢ ᠡᠭᠦᠳᠬᠦ﹀ ᠠᠵᠢᠯᠯᠠᠭ᠎ᠠ ᠶᠢᠨ ᠵᠦᠭᠯᠡᠭᠦᠷ︾ ᠵᠡᠷᠭᠡ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠠᠴᠠᠭᠠᠨ ᠤ ᠨᠠᠮ ᠤᠨ ᠡᠭᠦᠷ ᠤᠨ ᠠᠵᠢᠯ ᠳᠤ ᠴᠢᠭᠯᠡᠯ ᠪᠠ ᠬᠠᠷᠠᠯᠲᠠ ᠶᠢ ᠲᠣᠳᠣᠷᠬᠠᠶ ᠲᠣᠭᠲᠠᠭᠠᠪᠠ᠃ ᠨᠠᠮ ᠤᠨ ᠡᠭᠦᠷ ᠤᠨ ᠱᠦᠵᠢ ᠠᠴᠠ        ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾       ︵ᠳᠣᠯᠣᠳᠤᠭᠠᠷ ᠪᠦᠯᠦᠭ ᠠᠴᠠ ᠶᠢᠰᠦᠳᠦᠭᠡᠷ ᠪᠦᠯᠦᠭ︶ ᠢ ᠳᠠᠭᠠᠭᠤᠯᠤᠨ ᠰᠤᠷᠤᠯᠴᠠᠵᠤ᠂ ᠨᠠᠮ ᠤᠨ ᠭᠡᠰᠢᠭᠦᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠪᠠᠰᠠ 2023 ᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠬᠥᠬᠢᠭᠦᠯᠦᠨ ᠱᠠᠩᠨᠠᠪᠠ᠂ ᠡᠨᠡ ᠨᠢ ᠰᠢᠯᠢᠳᠡᠭ ᠨᠠᠮ ᠤᠨ ᠭᠡᠰᠢᠭᠦᠨ ᠢ ᠨᠤᠲᠠᠯᠠᠵᠤ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠪᠦᠬᠦ ᠨᠠᠮ ᠤᠨ ᠭᠡᠰᠢᠭᠦᠨ ᠳᠤ ᠦᠯᠢᠭᠡᠷ ᠳᠠᠭᠤᠷᠢᠶᠠᠯ ᠪᠤᠯᠵᠤ᠂ ᠤᠯᠠᠨ ᠤ ᠬᠤᠶᠢᠰᠢᠳᠠ ᠶᠢᠨ ᠠᠵᠢᠯ ᠤᠨ ᠳᠤᠮᠳᠠ ᠲᠡᠷᠢᠭᠦᠨ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠵᠤ ᠪᠠᠶᠢᠨ᠎ᠠ᠃      ︽ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠬᠦᠢᠴᠡᠳᠬᠡᠬᠦ︾ ᠵᠢᠴᠢ ︽ᠭᠤᠷᠪᠠᠨ ᠶᠠᠪᠤᠳᠠᠯ ᠢ ᠢᠯᠡ ᠨᠡᠶᠢᠳᠡᠯᠡᠬᠦ︾ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ᠂ ᠮᠠᠯ ᠠᠵᠤ ᠠᠬᠤᠢ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ᠂ ᠴᠡᠷᠢᠭ ᠠᠴᠠ ᠬᠠᠯᠠᠭᠳᠠᠭᠰᠠᠳ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢᠨ ᠦᠢᠯᠡᠴᠢᠯᠡᠭᠡ ᠵᠡᠷᠭᠡ 6 ᠦᠢᠯᠡᠴᠢᠯᠡᠭᠡᠨ ᠤ ᠴᠣᠩᠬᠤ ᠪᠠᠶᠢᠭᠤᠯᠪᠠ᠃ ᠡᠯ᠎ᠡ ᠦᠢᠯᠡᠴᠢᠯᠡᠭᠡᠨ ᠤ ᠴᠣᠩᠬᠤ ᠨᠢ ᠣᠯᠠᠨ ᠲᠦᠮᠡᠨ ᠤ ᠠᠰᠠᠭᠤᠨ ᠯᠠᠪᠯᠠᠬᠤ ᠶᠢ ᠭᠥᠯᠢᠶᠡᠨ ᠠᠪᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠬᠠᠷᠢᠭᠤᠯᠬᠤ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠢᠴᠡᠳᠬᠡᠬᠦ  ᠪᠠᠷ ᠭᠤᠤᠯᠳᠠᠯᠭ᠎ᠠ ᠪᠣᠯᠭᠠᠵᠤ᠂ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮ ᠡᠮᠨᠡᠯᠭᠡ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠬᠡᠪᠰᠢᠮᠡᠯ ᠵᠠᠩ ᠲᠠᠳᠬᠠᠯ ᠢ ᠦᠬᠡᠷᠡᠴᠢᠯᠡᠵᠦ᠂  ᠪᠤᠯᠪᠠᠰᠣᠨ ᠰᠢᠨ᠎ᠡ ᠬᠡᠪ ᠰᠤᠷᠳᠠᠯ ᠢ ᠪᠤᠢ ᠪᠤᠯᠭᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠪᠠ ᠭᠠᠯ ᠤᠨᠲᠠᠷᠠᠭᠠᠬᠤ ᠮᠡᠳᠡᠯᠭᠡ ᠵᠡᠷᠭᠡ ᠲᠠᠯ᠎ᠠ ᠪᠠᠷ ᠤᠬᠠᠭᠤᠯᠤᠨ᠂ ᠭᠠᠴᠠᠭᠠᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ ᠰᠢᠢᠳᠪᠦᠷᠢ ᠶᠢᠨ ᠪᠠᠶᠢᠳᠠᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠤᠰᠤᠳ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠠᠭᠤᠯᠭ᠎ᠠ ᠶᠢ ᠢᠯᠡ ᠪᠣᠯᠭᠠᠵᠤ᠂ ᠣᠯᠠᠨ ᠲᠦᠮᠡᠨ ᠨᠢᠭᠡᠪᠦᠷᠢ ᠶᠢ ᠴᠥᠮ ᠬᠢᠨᠠᠯᠲᠠ ᠲᠠᠯᠪᠢᠬᠤ ᠳᠤ ᠤᠷᠤᠯᠴᠠᠭᠤᠯᠪᠠ᠃ 30 ᠭᠠᠷᠤᠶ ᠣᠯᠠᠨ ᠲᠦᠮᠡᠨ ᠤ 20 ᠭᠠᠷᠤᠶ ᠠᠰᠠᠭᠤᠨ ᠯᠠᠪᠯᠠᠯᠳᠠ ᠶᠢ ᠬᠦᠯᠢᠶᠡᠨ ᠠᠪᠤᠭᠰᠠᠨ ᠪᠠᠶᠢᠨ᠎ᠠ᠃      ᠡᠨᠡ ᠤᠳᠠᠭᠠᠨ ᠤ ︽7·1 ᠢᠶᠠᠨ ᠤᠭᠳᠤᠵᠤ᠂  ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠨᠢᠭᠡ ᠤᠳᠠᠭᠠᠨ ᠤ ᠣᠶᠤᠨ ᠰᠠᠨᠠᠭᠠᠨ ᠤ ᠳᠠᠪᠲᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠠᠵᠢᠯᠯᠠᠭ᠎ᠠ ᠶᠢᠨ ᠤᠷᠢᠶᠠᠯᠠᠭ᠎ᠠ ᠪᠣᠯᠤᠨ᠎ᠠ᠃ ᠲᠡᠷᠡ ᠨᠢ ᠭᠠᠴᠠᠭᠠᠨ ᠤ ᠨᠠᠮ ᠤᠨ ᠭᠡᠰᠢᠭᠦᠨ ᠨᠢᠭᠡᠪᠦᠷᠢ ᠨᠠᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠭᠠᠴᠠᠭᠠᠨ ᠤ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠵᠤ ᠪᠠᠶᠢᠨ᠎ᠠ᠃ ᠢᠷᠡᠭᠡᠳᠦᠶ ᠳᠤ᠂ ᠪᠠᠶᠠᠨᠳᠣᠯᠠᠭᠠᠨ ᠭᠠᠴᠠᠭ᠎ᠠ ᠨᠢ ᠦᠷᠭᠦᠯᠵᠢᠯᠡᠨ ᠨᠠᠮ ᠤᠨ ᠵᠢᠯᠣᠭᠤᠳᠣᠯᠭ᠎ᠠ ᠪᠠᠷ ᠡᠷᠡᠮᠡᠬᠡᠶᠢᠯᠡᠨ ᠤᠷᠤᠭᠰᠢᠯᠠᠵᠤ᠂ ᠨᠠᠩ ᠰᠠᠶᠢᠨ ᠰᠠᠶᠢᠬᠠᠨ ᠭᠠᠴᠠᠭ᠎ᠠ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃    
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号