ᠠᠯᠲᠠᠨᠬᠢᠯᠢ ᠰᠤᠮᠤ ᠨᠢ ᠤᠯᠠᠨ ᠵᠤᠶᠢᠯ ᠤᠨ ᠠᠷᠭ᠎ᠠ ᠬᠡᠯᠪᠡᠷᠢ ᠪᠠᠷ ᠲᠤᠤᠷ ᠰᠦᠯᠵᠢᠶᠡᠨ ᠤ ᠠᠮᠤᠷ ᠲᠦᠪᠰᠢᠨ  ᠢ ᠤᠯᠠᠮ ᠨᠢᠬᠡ ᠠᠯᠬᠤᠮ ᠪᠠᠲᠤᠯᠠᠪᠠ
ᠨᠡᠶᠢᠲᠡᠯᠡᠭᠰᠡᠨ ᠴᠠᠭ᠄
2024/7/11
      ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠺᠠᠳ᠋ᠷ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠤᠬᠡ᠂ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠨᠢ ᠰᠦᠯᠵᠢᠶᠡᠨ ᠤ ᠠᠮᠤᠷ ᠲᠦᠪᠰᠢᠨ ᠤ ᠠᠵᠢᠯ ᠢ ᠨᠠᠮ ᠤᠨ ᠬᠤᠷᠢᠶᠠᠨ ᠤ ᠴᠢᠬᠤᠯᠠ ᠵᠥᠪᠯᠡᠬᠦ ᠵᠦᠢᠯ ᠳᠤ ᠣᠷᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠰᠦᠯᠵᠢᠶᠡᠨ ᠤ ᠠᠮᠤᠷ ᠲᠦᠪᠰᠢᠨ ᠤ ᠭᠤᠣᠯᠯᠠᠨ ᠬᠠᠮᠢᠶᠠᠷᠬᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠣᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠠᠵᠢᠯ ᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠪᠠ᠃      ᠰᠤᠷᠤᠯᠴᠠᠯᠭ᠎ᠠ ᠶᠢ ᠠᠳᠬᠤᠵᠤ᠂ ᠲᠠᠨᠢᠯᠲᠠ ᠪᠠᠨ ᠲᠠᠬᠡᠭᠰᠢᠯᠠᠬᠦᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠰᠤᠷᠤᠯᠴᠠᠬᠤ ᠲᠥᠯᠥᠪᠯᠡᠭᠡ ᠪᠠ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠤᠯᠪᠠᠰᠤᠷᠠᠯ ᠤᠨ ᠠᠭᠤᠯᠭ᠎ᠠ ᠳᠤ ᠣᠷᠣᠭᠤᠯᠤᠨ᠂ ︽ᠰᠦᠯᠵᠢᠶᠡᠨ ᠲᠠᠬᠡᠷᠡᠬᠢ + ᠰᠦᠯᠵᠢᠶᠡᠨ ᠭᠠᠳᠠᠭᠤᠷᠬᠢ︾ ᠰᠤᠷᠤᠯᠴᠠᠬᠤ ᠵᠠᠭᠪᠤᠷ ᠢᠶᠠᠷ ᠲᠠᠮᠵᠢᠨ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠤᠷᠢᠨ ᠳᠤ 4 ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠶᠢ ᠦᠷᠨᠢᠬᠦᠯᠬᠦ ᠶᠢᠨ ᠬᠠᠮᠲᠤ ᠬᠤᠶᠠᠷ ᠱᠠᠲᠤᠨ ᠤ ᠺᠠᠳ᠋ᠷᠴᠤᠳ ᠤᠨ ᠬᠤᠷᠠᠯ ᠲᠠᠢ ᠤᠶᠠᠯᠳᠤᠭᠤᠯᠤᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠡᠰᠢᠬᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠬᠡᠰᠡᠭ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠤᠯᠪᠠᠰᠤᠷᠠᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠬᠠᠤᠯᠢ ᠶᠣᠰᠣᠭᠠᠷ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠭᠠᠷᠭᠠᠬᠤ ᠶᠢ ᠤᠯᠠᠮ ᠨᠢᠬᠡ ᠠᠯᠬᠤᠮ ᠪᠠᠲᠤᠯᠠᠪᠠ᠃      ᠤᠬᠠᠭᠤᠯᠭ᠎ᠠ ᠶᠢ ᠠᠳᠬᠤᠵᠤ᠂ ᠬᠠᠮᠤᠷᠬᠤ ᠬᠡᠪᠴᠢᠶ᠎ᠠ ᠶᠢ ᠦᠷᠬᠡᠳᠬᠡᠪᠠ᠃ ᠰᠦᠯᠵᠢᠶᠡᠨ ᠤ ᠠᠮᠤᠷ ᠲᠦᠪᠰᠢᠨ ᠤ ᠪᠠᠶᠢᠩᠭᠤ ᠶᠢᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ᠂ ᠬᠠᠪᠤᠷ ᠤᠨ ᠤᠯᠠᠷᠢᠯ ᠤᠨ ᠭᠤᠤᠯᠲᠠᠯᠭᠠᠲᠤ ᠠᠵᠢᠯ᠂  ᠮᠠᠯ ᠠᠬᠤᠢ ᠶᠢᠨ ᠨᠠᠶᠢᠲᠠᠮ ᠪᠠᠶᠢᠴᠠᠭᠠᠯᠲᠠ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠣᠷᠣᠨ ᠳᠤ ᠣᠷᠣᠭᠤᠯᠬᠤ᠂ ᠠᠯᠪᠠᠨ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠵᠡᠷᠭᠡ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠤᠯᠠᠨ ᠲᠦᠮᠡᠨ ᠤ ᠲᠦᠭᠦᠮ ᠣᠶᠢᠯᠠᠭᠠᠮᠵᠢᠲᠠᠢ᠂ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠣᠯᠣᠨ ᠰᠡᠷᠭᠡᠶᠢᠯᠡᠨ ᠬᠠᠮᠠᠭᠠᠯᠠᠬᠤ ᠲᠤᠬᠠᠢ ᠤᠷ᠎ᠠ ᠴᠢᠳᠠᠪᠤᠷᠢ ᠶᠢ 8 ᠤᠳᠠᠭ᠎ᠠ ᠤᠬᠠᠭᠤᠯᠤᠨ᠂ 500 ᠭᠠᠷᠤᠢ ᠬᠤᠪᠢ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠬᠦᠯᠢᠶᠡᠨ ᠠᠪᠤᠭᠴᠢᠳ ᠤᠨ ᠶᠡᠷᠦᠩᠬᠡᠢ ᠲᠤᠭ᠎ᠠ 800 ᠭᠠᠷᠤᠢ ᠬᠥᠮᠥᠨ ᠬᠦᠷᠴᠤ᠂ ᠰᠦᠯᠵᠢᠶᠡᠨ ᠤ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃      ᠪᠠᠶᠢᠴᠠᠭᠠᠯᠲᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃ ᠡᠳᠦᠷ ᠲᠤᠲᠤᠮ ᠤᠨ ᠬᠢᠨᠠᠯᠲᠠ ᠲᠠᠯᠪᠢᠬᠤ᠂ ᠳᠦᠷᠢᠮ ᠤᠨ ᠬᠠᠮᠢᠶᠠᠷᠤᠯᠲᠠ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠲᠤᠬᠠᠢ ᠮᠦᠷᠲᠠᠨ ᠪᠠᠶᠢᠴᠠᠭᠠᠯᠲᠠ ᠬᠢᠵᠤ᠂ ᠰᠤᠮᠤᠨ ᠤ ᠰᠦᠯᠵᠢᠶᠡᠨ ᠤ ᠪᠦᠲᠦᠴᠡ᠂ ᠲᠥᠬᠦᠭᠡᠷᠦᠮᠵᠢ ᠶᠢᠨ ᠲᠤᠭ᠎ᠠ ᠬᠡᠮᠵᠢᠶ᠎ᠡ᠂ ᠦᠢᠯᠡᠴᠢᠯᠡᠭᠡᠨ ᠤ ᠲᠥᠷᠥᠯ ᠵᠦᠢᠯ ᠵᠡᠷᠭᠡ ᠦᠨᠳᠦᠰᠦᠨ ᠪᠠᠶᠢᠳᠠᠯ ᠪᠠ ᠡᠯᠧᠺᠲᠷᠣᠨ ᠵᠠᠷᠯᠠᠯ ᠤᠨ ᠪᠤᠯᠤᠩ᠂ ᠦᠭᠡ ᠦᠯᠡᠳᠡᠭᠡᠬᠦ ᠲᠠᠪᠴᠠᠩ᠂ ᠸᠢᠴᠠᠲ ᠪᠦᠯᠦᠭ᠂ ᠵᠣᠭᠤᠭᠳᠠᠬᠤ ᠥᠷᠥᠭᠡ᠂ ᠬᠤᠪᠢ ᠬᠥᠮᠥᠨ ᠤ ᠭᠤᠣᠯ ᠨᠢᠭᠤᠷ ᠵᠢᠴᠢ ᠪᠢᠴᠢᠭ ᠮᠠᠲ᠋ᠧᠷᠢᠶᠠᠯ ᠳᠠᠮᠵᠢᠭᠤᠯᠬᠤ ᠦᠢᠯᠡᠴᠢᠯᠡᠭᠡ ᠵᠡᠷᠭᠡ ᠳᠤ ᠪᠥᠬᠦ ᠲᠠᠯ᠎ᠠ ᠶᠢᠨ ᠮᠦᠷᠲᠠᠨ ᠪᠠᠶᠢᠴᠠᠭᠠᠯᠲᠠ ᠬᠢᠵᠦ ᠳᠡᠩᠰᠡᠯᠡᠨ ᠲᠡᠮᠲᠡᠭᠯᠡᠪᠠ᠃ ᠡᠭᠦᠨ ᠤ ᠬᠠᠮᠲᠤ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ ᠬᠡᠯᠪᠡᠷᠢ ᠪᠠᠷ ᠬᠠᠷᠢᠶᠠᠨ ᠳᠠᠬᠢ ᠬᠤᠪᠢ ᠬᠥᠮᠥᠨ ᠤ ᠰᠦᠯᠵᠢᠶᠡᠨ ᠤ ᠲᠠᠪᠴᠠᠩ ᠤᠨ ᠨᠣᠮᠧᠷ ᠢ ᠵᠢᠭᠰᠠᠭᠠᠨ ᠪᠠᠶᠢᠴᠠᠭᠠᠵᠤ ᠳᠡᠩᠰᠡᠯᠡᠨ ᠲᠡᠮᠳᠡᠭᠯᠡᠵᠦ᠂ ᠰᠦᠯᠵᠢᠶᠡᠨ ᠤ         ︽ᠲᠣᠮᠣ ᠨᠣᠮᠧᠷ︾ ︽ᠲᠣᠮᠣ V︾ ᠵᠡᠷᠭᠡ ᠶᠢ ᠪᠥᠬᠦ ᠲᠠᠯ᠎ᠠ ᠪᠠᠷ ᠡᠵᠡᠮᠰᠢᠨ᠂ ᠭᠤᠣᠯᠳᠠᠯᠭ᠎ᠠ ᠲᠠᠢ ᠡᠲᠡᠭᠡᠳ ᠢ ᠪᠦᠷᠢᠳᠬᠡᠨ ᠳᠡᠩᠰᠡᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠰᠢᠨ᠎ᠡ ᠪᠠᠶᠢᠳᠠᠯ ᠳᠣᠣᠷᠠᠬᠢ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ  ᠪᠤᠯᠭᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号