ᠠᠯᠲᠠᠨᠬᠢᠯᠢ ᠰᠤᠮᠤ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠤᠵᠢᠯ ᠢ ᠬᠦᠨᠵᠡᠬᠡᠶᠢᠷᠠᠬᠦᠯᠤᠨ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/7/11
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠥᠷᠨᠢᠭᠦᠯᠦᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠨᠢ ᠢᠮᠠᠭᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠪᠦᠬᠦ ᠲᠠᠯ᠎ᠠ ᠪᠠᠷ ᠪᠠᠶᠢᠷᠢᠯᠠᠭᠤᠯᠤᠨ ᠲᠣᠬᠢᠷᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾  ᠢ ᠭᠦᠨᠵᠡᠭᠡᠢ ᠰᠤᠷᠤᠯᠴᠠᠨ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠬᠡᠮᠵᠢᠭᠦᠷ ᠪᠤᠯᠭᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠦᠨᠵᠡᠬᠡᠶᠢᠷᠠᠬᠦᠯᠤᠨ ᠲᠦᠯᠬᠢᠨ ᠠᠬᠢᠭᠤᠯᠵᠤ ᠪᠤᠢ᠃      ᠰᠤᠮᠤᠨ ᠤ ᠨᠠᠮ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠲᠣᠭᠤᠷᠢᠨ ᠳᠤ᠂ ︽1+5+5︾ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ᠂ ︵ᠲᠤᠬᠠᠶᠢᠯᠠᠪᠠᠯ 1 ᠤᠳᠤᠷᠢᠳᠬᠤ ᠳᠤᠭᠤᠶᠢᠯᠠᠩ᠂ 5  ᠬᠠᠷᠢᠯᠴᠠᠬᠤ ᠳᠤᠭᠤᠶᠢᠯᠠᠩ᠂ 5 ᠨᠠᠷ᠎ᠠ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ︶᠂ ᠨᠠᠮ ᠤᠨ ᠬᠤᠷᠢᠶᠠᠨ ᠤ ᠱᠦᠵᠢ ᠰᠤᠷᠤᠯᠴᠠᠯᠭ᠎ᠠ ᠶᠢ ᠭᠤᠣᠯᠯᠠᠨ ᠠᠳᠬᠤᠬᠤ᠂ ᠤᠳᠤᠷᠢᠳᠬᠤ ᠪᠠᠭ ᠳᠠᠭᠠᠭᠤᠯᠤᠨ ᠰᠤᠷᠤᠯᠴᠠᠬᠤ᠂ ᠨᠠᠮ ᠤᠨ ᠡᠭᠦᠷ ᠤᠨ ᠱᠦᠵᠢ ᠲᠦᠷᠦᠭᠦᠯᠡᠨ ᠰᠤᠷᠤᠯᠴᠠᠬᠤ᠂ ᠪᠦᠬᠦ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ︽ᠳᠥᠷᠪᠡᠨ ᠱᠠᠲᠤ ᠬᠤᠯᠪᠤᠭᠠᠯᠠᠨ ᠬᠥᠳᠡᠯᠦᠯᠴᠡᠬᠦ︾  ᠵᠠᠭᠪᠤᠷ ᠢᠶᠠᠷ ᠳᠠᠮᠵᠢᠭᠤᠯᠤᠨ᠂ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠬᠤᠷᠢᠶᠠᠨ ᠤ ᠣᠨᠣᠯ ᠤᠨ ᠭᠤᠣᠯ ᠰᠤᠷᠤᠯᠴᠠᠯᠭ᠎ᠠ ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠬᠦ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠷᠭ᠎ᠠ ᠬᠡᠯᠪᠡᠷᠢ ᠪᠠᠷ ︽ᠳᠦᠷᠢᠮ︾ ᠢ ᠲᠡᠷᠡ ᠬᠡᠪ ᠢᠶᠠᠷ ᠨᠢ᠂ ᠪᠦᠯᠦᠭ ᠳᠠᠷᠠᠭᠠᠯᠠᠨ ᠰᠤᠷᠤᠯᠴᠠᠵᠤ᠂ ᠪᠥᠬᠦ ᠰᠤᠮᠤᠨ ᠤ 6 ᠨᠠᠮ ᠤᠨ ᠡᠭᠦᠷ᠂ 157 ᠨᠠᠮ ᠤᠨ ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠪᠦᠲᠦᠮᠵᠢᠲᠡᠶ ᠲᠦᠯᠬᠢᠨ ᠠᠬᠢᠭᠤᠯᠪᠠ᠃      ︽ᠵᠠᠪᠠᠯ ᠰᠤᠷᠬᠤ ᠬᠢᠴᠢᠶᠡᠯ ᠢ ᠨᠢᠭᠡ ᠶᠢ ᠴᠦ ᠣᠷᠬᠢᠭᠳᠠᠭᠤᠯᠬᠤ ᠦᠭᠡᠢ︾᠂ ︽ᠵᠠᠪᠠᠯ ᠰᠣᠩᠭᠤᠬᠤ ᠠᠭᠤᠯᠭ᠎ᠠ ᠶᠢ ᠪᠦᠬᠦᠨ ᠢ ᠬᠠᠮᠤᠷᠤᠭᠤᠯᠬᠤ︾ ᠶᠡᠷᠦᠩᠬᠡᠢ ᠬᠦᠭ ᠠᠶᠠᠰ ᠲᠠᠢ ᠨᠢᠭᠲᠠ ᠤᠶᠠᠯᠳᠤᠭᠤᠯᠤᠨ᠂           ︽ᠲᠥᠪᠯᠡᠷᠡᠭᠦᠯᠦᠨ ᠰᠤᠷᠤᠯᠴᠠᠬᠤ + ᠬᠠᠮᠲᠤᠪᠠᠷ ᠰᠤᠷᠤᠯᠴᠠᠬᠤ᠂ ᠰᠦᠯᠵᠢᠶᠡᠨ ᠲᠠᠬᠡᠷᠡᠬᠢ ᠰᠤᠷᠤᠯᠴᠠᠯᠭ᠎ᠠ + ᠰᠦᠯᠵᠢᠶᠡᠨ ᠠᠴᠠ ᠭᠠᠲᠠᠨᠠᠬᠢ ᠰᠤᠷᠤᠯᠴᠠᠯᠭ᠎ᠠ᠂ ᠬᠠᠪᠰᠤᠷᠤᠨ ᠰᠤᠷᠤᠯᠴᠠᠬᠤ + ᠰᠤᠳᠤᠯᠤᠨ  ᠶᠠᠷᠢᠯᠴᠠᠨ ᠰᠤᠷᠤᠯᠴᠠᠬᠤ︾ ᠠᠷᠭ᠎ᠠ ᠬᠡᠯᠪᠡᠷᠢ ᠪᠠᠷ ᠤᠨᠤᠯ ᠤᠨ ᠬᠢᠴᠢᠶᠡᠯ ᠤᠨ ᠲᠠᠩᠬᠢᠮ᠂ ᠰᠦᠯᠵᠢᠶᠠᠨ ᠤ ᠬᠢᠴᠢᠶᠡᠯ ᠤᠨ       ᠲᠠᠩᠬᠢᠮ᠂ ᠬᠤᠪᠢᠰᠬᠠᠯ ᠤᠨ ᠬᠢᠴᠢᠶᠡᠯ ᠤᠨ ᠲᠠᠩᠬᠢᠮ᠂ ᠠᠷᠢᠭᠤᠨ ᠴᠢᠬᠡᠴᠢ ᠬᠢᠴᠢᠶᠡᠯ ᠤᠨ ᠲᠠᠩᠬᠢᠮ ᠵᠡᠷᠭᠡ           ︽ᠲᠦᠷᠪᠡᠨ ᠶᠡᠭᠡ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠪᠦᠬᠦᠨ ᠢ ᠬᠠᠮᠤᠷᠬᠤ︾ ᠶᠢ ᠠᠬᠢᠭᠤᠯᠵᠤ᠂ ᠤᠷᠢᠳ ᠬᠤᠵᠢᠳ ᠲᠤᠰᠬᠠᠢ ᠰᠡᠳᠦᠪᠲᠦ ᠰᠤᠷᠤᠯᠴᠠᠯᠭ᠎ᠠ ᠶᠢ 4 ᠬᠤᠭᠤᠴᠠᠭ᠎ᠠ ᠥᠷᠨᠢᠭᠦᠯᠦᠭᠡᠳ 97 ᠬᠥᠮᠥᠨ᠂ 8 ᠤᠳᠠᠭ᠎ᠠ 226 ᠬᠥᠮᠥᠨ ᠤᠳᠠᠭ᠎ᠠ ᠲᠥᠪᠯᠡᠷᠡᠭᠦᠯᠦᠨ ᠰᠤᠷᠤᠯᠴᠠᠪᠠ᠃ ᠰᠦᠯᠵᠢᠶᠡᠨ ᠳᠡᠭᠡᠷ᠎ᠡ 23 ᠤᠳᠠᠭ᠎ᠠ  ᠰᠤᠷᠤᠯᠴᠠᠯᠭ᠎ᠠ ᠦᠷᠨᠢᠬᠦᠯᠵᠤ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ 1 ᠤᠳᠠᠭ᠎ᠠ ᠬᠤᠷᠠᠯᠳᠤᠭᠤᠯᠵᠤ᠂ ᠨᠠᠰᠤ ᠠᠬᠠᠰᠢᠷᠠᠭᠰᠠᠨ 4 ᠨᠠᠷ᠎ᠠ ᠨᠠᠮ ᠤᠨ ᠭᠡᠰᠢᠭᠦᠨ ᠳᠤ ᠴᠢᠭᠯᠡᠭᠦᠯᠵᠦ᠂ ᠤᠷᠢᠳ ᠬᠤᠵᠢᠳ 6 ᠤᠳᠠᠭ᠎ᠠ ᠰᠤᠷᠤᠯᠴᠠᠯᠭ᠎ᠠ ᠬᠦᠷᠬᠡᠵᠤ᠂ 2 ᠤᠳᠠᠭ᠎ᠠ ᠬᠤᠪᠢᠰᠬᠠᠯᠲᠤ ᠺᠢᠨᠣ᠋ ᠦᠵᠠᠵᠤ᠂ 1 ᠤᠳᠠᠭ᠎ᠠ ᠠᠷᠢᠭᠤᠨ ᠴᠢᠬᠡᠴᠢ  ᠶᠢᠨ ᠬᠢᠴᠢᠶᠡᠯ ᠤᠨ ᠲᠠᠩᠬᠢᠮ ᠨᠡᠭᠡᠭᠡᠵᠤ᠂ ᠨᠢᠭᠡ ᠤᠳᠠᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠢ ᠲᠣᠭᠤᠷᠢᠨ ᠦᠵᠠᠪᠠ᠃      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠶᠡᠭᠡ ᠢᠨᠵᠧᠨᠧᠷᠢᠩ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢ ᠴᠢᠩᠭ᠎ᠠ ᠠᠩᠬᠠᠷᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠲᠠᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠵᠤ᠂ ᠣᠨ ᠤ ᠭᠤᠣᠯᠳᠠᠯᠭ᠎ᠠ ᠲᠠᠢ ᠡᠭᠦᠷᠭᠡ᠂ ᠠᠷᠠᠳ ᠤᠨ ᠠᠮᠢᠳᠤᠷᠠᠯ ᠤᠨ ᠲᠥᠷᠥᠯ ᠵᠦᠢᠯ ᠲᠠᠢ ᠤᠶᠠᠯᠳᠤᠭᠤᠯᠤᠨ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ︽ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠨᠠᠷᠢᠨ ᠳᠠᠩᠰᠠ︾ ᠶᠢ ᠡᠮᠬᠢᠯᠡᠨ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠠᠭᠤᠰᠤᠯᠴᠠᠭᠤᠯᠤᠨ᠂ ᠣᠷᠴᠢᠨ ᠠᠬᠤᠢ ᠶᠢ ᠴᠡᠭᠴᠡᠯᠡᠨ ᠵᠠᠰᠠᠬᠤ᠂ ᠵᠥᠷᠢᠴᠡᠯ ᠵᠢᠭᠤᠷᠭᠠᠨ ᠢ ᠵᠢᠭᠰᠠᠭᠠᠨ ᠪᠠᠶᠢᠴᠠᠭᠠᠬᠤ᠂ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠶᠢ ᠮᠠᠯᠵᠢᠬᠤ ᠡᠷᠦᠬᠡ ᠳᠤ ᠬᠦᠷᠭᠡᠬᠦ ᠵᠡᠷᠭᠡ ᠠᠵᠢᠯᠯᠠᠭ᠎ᠠ ᠶᠢ 16 ᠤᠳᠠᠭ᠎ᠠ ᠥᠷᠨᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠤᠴᠢᠷ ᠶᠠᠪᠤᠳᠠᠯ ᠢ ᠪᠣᠳᠠᠲᠠᠢ ᠪᠠᠷ ᠰᠠᠶᠢᠲᠤᠷ ᠬᠢᠬᠦ ᠪᠠᠷ ᠬᠦᠴᠦᠯᠡᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠵᠦᠢᠯᠡᠰ ᠤᠨ ᠨᠠᠷᠢᠨ ᠲᠠᠩᠰᠠ ᠶᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢᠨ ᠨᠠᠷᠢᠨ ᠲᠠᠩᠰᠠ ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ ᠢ ᠪᠤᠲᠠᠲᠠᠶᠢᠵᠢᠭᠤᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号