ᠭᠠᠬᠢᠯ ᠰᠤᠮᠤ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 24 ᠤ ᠡᠳᠦᠷ᠂ ᠭᠠᠬᠢᠯ ᠰᠤᠮᠤ ᠨᠢ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠣᠪᠤᠭᠠᠨ ᠨᠠᠶᠢᠷ ᠤᠨ ᠠᠬᠤᠢ ᠲᠠᠯᠠᠪᠠᠢ ᠳᠤ ᠬᠦᠷᠴᠦ᠂ ︽ᠠᠬᠤᠢ ᠲᠠᠯᠠᠪᠠᠢ ᠳᠤ ᠨᠢᠭᠡ ᠡᠳᠦᠷ ᠠᠵᠢᠯᠯᠠᠬᠤ︾  ᠠᠵᠢᠯᠯᠠᠭ᠎ᠠ ᠦᠷᠨᠢᠭᠦᠯᠪᠡ᠃      ᠠᠵᠢᠯᠯᠠᠭᠠᠨ ᠳᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠭᠤᠣᠯᠳᠠᠯᠭ᠎ᠠ ᠲᠠᠢ ᠤᠬᠠᠭᠤᠯᠵᠤ᠂ ᠠᠷᠠᠳ ᠢᠷᠭᠡᠨ ᠤ ᠡᠷᠬᠡ᠂ ᠣᠷᠤᠭ ᠭᠡᠷ ᠪᠦᠯᠢ᠂ ᠡᠮᠡᠭᠲᠡᠶᠢᠴᠦᠳ ᠤᠨ ᠡᠷᠬᠡ ᠠᠰᠢᠭ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠥᠬᠦᠮ ᠣᠶᠢᠯᠠᠭᠠᠮᠵᠢᠲᠠᠢ ᠲᠠᠶᠢᠯᠪᠤᠷᠢᠯᠠᠪᠠ᠃ ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ᠭᠠᠵᠢᠭᠤ ᠨᠣᠮᠯᠠᠯ ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠲᠡᠮᠦᠷ ᠵᠠᠮ ᠢ ᠬᠠᠮᠠᠭᠠᠯᠠᠬᠤ᠂ ᠴᠠᠬᠢᠯᠭᠠᠨ ᠬᠤᠯᠪᠤᠭ᠎ᠠ ᠰᠦᠯᠵᠢᠶᠠᠨ  ᠮᠡᠬᠡᠯᠡᠯ ᠢ ᠰᠡᠷᠭᠡᠶᠢᠯᠡᠬᠦ᠂ ᠣᠶ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠬᠦ᠂ ᠠᠮᠢᠲᠠᠨ ᠤ ᠬᠢᠵᠢᠭ ᠢ ᠰᠡᠷᠭᠡᠶᠢᠯᠡᠬᠦ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠮᠡᠳᠡᠪᠡᠰᠦ ᠵᠣᠬᠢᠬᠤ ᠮᠡᠳᠡᠯᠭᠡ ᠵᠡᠷᠭᠡ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ᠂ 200 ᠭᠠᠷᠤᠢ ᠬᠤᠪᠢ ᠤᠬᠠᠭᠤᠯᠭ᠎ᠠ ᠶᠢᠨ ᠪᠤᠳᠠᠰ ᠲᠠᠷᠬᠠᠭᠠᠵᠤ᠂ ᠣᠪᠤᠭᠠᠨ ᠨᠠᠶᠢᠷ ᠢ ᠠᠰᠢᠭᠯᠠᠨ ᠤᠯᠠᠨ ᠲᠦᠮᠡᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠲᠤᠬᠠᠢ ᠣᠶᠢᠯᠠᠭᠠᠬᠤ ᠨᠤᠷᠮ᠎ᠠ ᠶᠢ ᠦᠨᠡᠨ ᠬᠦ ᠭᠦᠨᠵᠡᠭᠡᠶᠢᠷᠡᠭᠦᠯᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠤᠭᠰᠠᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号