ᠭᠠᠬᠢᠯ  ᠰᠤᠮᠤ  ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠳᠤᠮᠳᠠᠳᠤ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ103 ᠵᠢᠯ ᠤᠨ ᠤᠢ ᠶᠢ ᠪᠡᠯᠭᠡᠯᠡᠶ᠎ᠡ︾ ᠭᠤᠣᠯ ᠰᠡᠳᠤᠪᠲᠤ ᠨᠠᠮ ᠤᠨ ᠡᠳᠤᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/11
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠠᠲᠤ ᠴᠡᠭᠡᠵᠢᠯᠡᠵᠦ᠂ ᠬᠤᠪᠢᠰᠬᠠᠯ ‍ᠤᠨ‌ᠵᠣᠷᠢᠭ ᠰᠠᠨᠠᠭ᠎ᠠ ᠶᠢ ᠤᠯᠠᠮᠵᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 6 ᠰᠠᠷ᠎ᠠ ᠶᠢᠨ 28  ᠤ ᠡᠳᠦᠷ᠂  ᠭᠠᠬᠢᠯ ᠰᠤᠮᠤ ᠨᠢ ᠲᠤᠯᠤᠭᠠᠨ ᠵᠦᠢᠯ ᠤᠨ ᠰᠢᠷᠢᠰ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠲᠤᠯᠤᠭᠠᠨ ᠰᠠᠷ᠎ᠠ ᠶᠢᠨ ᠨᠢᠭᠡᠨ ᠢ ᠤᠭᠲᠤᠨ᠂ ᠨᠠᠮ ᠪᠠᠶᠢᠭᠤᠯᠤᠭᠳᠠᠭᠰᠠᠨ103 ᠵᠢᠯ ᠤᠨ ᠤᠢ ᠶᠢ ᠬᠠᠮᠲᠤᠪᠠᠷ ᠪᠡᠯᠭᠡᠯᠡᠪᠡ᠃  ᠭᠠᠬᠢᠯ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠂ ᠡᠯ᠎ᠡ ᠠᠵᠤ ᠠᠬᠤᠶᠢᠯᠠᠯ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂  ᠨᠢᠭᠡᠳᠦᠭᠡᠷ ᠱᠦᠵᠢ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠤᠶᠠᠳᠤᠭᠠᠷ  ᠲᠤᠭᠤᠷᠢᠨ  ᠪᠠᠶᠢᠴᠠᠭᠠᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠤᠨ ᠲᠦᠷ ᠴᠠᠭ ᠤᠨ ᠨᠠᠮ ᠤᠨ ᠡᠭᠦᠷ ᠤᠨ ᠭᠡᠰᠢᠭᠦᠳ ᠬᠦᠳᠡᠯᠭᠡᠭᠡᠨ ᠳᠤ ᠣᠷᠣᠯᠴᠠᠵᠠᠢ᠃     ᠨᠢᠭᠡᠨ ᠤᠳᠠᠭᠠᠨ ᠤ  ᠲᠥᠪ ᠴᠢᠩᠭ᠎ᠠ ᠲᠤᠭ ᠮᠠᠨᠳᠣᠭᠤᠯᠬᠤ ᠶᠤᠰᠤᠯᠠᠯ ᠦᠷᠨᠢᠭᠦᠯᠪᠡ᠃      ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠨᠡᠷᠡᠨ ᠤ ᠭᠡᠷᠡᠯ ᠳᠤ ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠲᠥᠪ ᠴᠢᠩᠭ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠵᠣᠬᠢᠶᠠᠨ ᠪᠠᠶᠢᠭᠤᠯᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠪᠠ᠃ ᠤᠯᠤᠰ ᠤᠨ ᠲᠤᠭ ᠤᠨ ᠳᠣᠣᠷ᠎ᠠ᠂ ᠪᠦᠬᠦ ᠬᠥᠮᠥᠰ ᠴᠤᠭ ᠵᠢᠪᠬᠤᠭ᠎ᠠ ᠲᠡᠭᠦᠯᠳᠡᠷ᠂ ᠲᠥᠪ ᠬᠢᠴᠢᠶᠡᠩᠭᠦᠢ ᠪᠠᠷ ᠵᠣᠭᠰᠣᠵᠤ᠂ ᠲᠠᠪᠤᠨ ᠣᠳᠣᠲᠤ ᠤᠯᠠᠭᠠᠨ ᠲᠤᠭ ᠤᠨ ᠡᠮᠦᠨ᠎ᠡ ᠰᠢᠷᠳᠡᠬᠦ ᠶᠣᠰᠣ ᠬᠢᠵᠦ᠂ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠠᠭᠤᠤ ᠶᠡᠭᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠡᠢ᠃     ᠨᠢᠭᠡᠨ  ᠣᠳᠠᠭᠠᠨ ᠤ ᠨᠠᠮ  ᠳᠤ ᠤᠷᠣᠬᠤ ᠲᠠᠩᠭᠠᠷᠢᠭ ᠤᠨ ᠦᠭᠡᠰ ᠢ ᠲᠠᠬᠢᠨ  ᠰᠠᠨᠠᠭᠠᠯᠵᠠᠬᠤ ᠠᠵᠢᠯᠯᠠᠭ᠎ᠠ ᠦᠷᠨᠢᠭᠦᠯᠪᠡ᠃      ︽ᠪᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠰᠠᠶᠢᠨ ᠳᠤᠷ᠎ᠠ ᠠᠴᠠ ᠪᠠᠨ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠨ᠂ ᠨᠠᠮ ᠤᠨ ᠳᠦᠷᠢᠮ ᠢ ᠰᠠᠬᠢᠵᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠨ᠎ᠡ︾ ᠰᠤᠮᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠤ  ᠳᠠᠭᠠᠭᠤᠯᠭ᠎ᠠ ᠳᠤᠤᠷ᠎ᠠ᠂ ᠪᠦᠬᠦ ᠨᠠᠮ ᠤᠨ ᠭᠡᠰᠢᠭᠦᠳ ᠨᠠᠮ ᠤᠨ ᠲᠤᠭ  ᠲᠤ ᠬᠠᠨᠳᠤᠭᠤᠯᠤᠨ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ  ᠢ ᠲᠠᠬᠢᠨ ᠰᠠᠨᠠᠭᠠᠯᠵᠠᠵᠤ᠂  ᠨᠠᠮ ᠳᠤ ᠤᠷᠤᠬᠤ ᠲᠠᠩᠭᠠᠷᠢᠭ ᠤᠨ ᠦᠭᠡᠰ ᠢ ᠴᠠᠭ ᠢᠮᠠᠭᠲᠠ ᠪᠠᠲᠤ ᠴᠡᠭᠡᠵᠢᠯᠡᠵᠤ᠂ ᠨᠠᠮ ᠤᠨ ᠳᠦᠷᠢᠮ ᠢ ᠤᠬᠠᠮᠰᠠᠷ ᠠᠴᠠ ᠰᠠᠬᠢᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠰᠤᠨ ᠲᠤᠷᠰᠢᠲᠠ ᠦᠢᠯᠡᠳᠤᠯᠭᠡᠵᠢᠭᠦᠯᠬᠦ ᠡᠷᠡᠰ ᠵᠣᠷᠢᠭ ᠵᠶ᠋ᠠᠨ‌ᠢᠯᠡᠳᠬᠡᠵᠠᠢ᠃      ᠨᠢᠭᠡᠨ ᠣᠳᠠᠭᠠᠨ ᠤ ᠬᠢᠯᠢ ᠬᠢᠵᠠᠭᠠᠷ ᠢ ᠲᠤᠭᠤᠷᠢᠨ  ᠪᠠᠶᠢᠴᠠᠭᠠᠵᠤ ᠬᠢᠯᠢ ᠬᠢᠵᠠᠭᠠᠷ ᠢ ᠬᠠᠮᠠᠭᠠᠯᠠᠬᠤ ᠠᠵᠢᠯᠯᠠᠭ᠎ᠠ ᠦᠷᠨᠢᠭᠦᠯᠪᠡ᠃      ᠨᠢᠭᠡ ᠣᠳᠠᠭᠠᠨ ᠤ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ  ᠠᠵᠢᠯᠯᠠᠭ᠎ᠠ ᠨᠢ ᠡᠬᠡ ᠤᠯᠤᠰ ᠤᠨ ᠬᠢᠯᠢ ᠶᠢᠨ ᠱᠤᠭᠤᠮ ᠢ ᠠᠯᠬᠤᠭ᠎ᠠ ᠪᠠᠷ ᠢᠶᠠᠨ ᠬᠡᠮᠵᠢᠵᠦ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠨᠢᠳᠦ ᠪᠠᠷ ᠢᠶᠠᠨ  ᠲᠠᠨᠢᠬᠤ ᠶᠠᠪᠤᠴᠠ ᠪᠤᠯᠤᠨ᠎ᠠ᠃  ᠬᠦᠳᠡᠯᠭᠡᠭᠡᠨ ᠳᠤ ᠤᠷᠤᠯᠴᠠᠭᠰᠠᠳ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ  ᠪᠤᠯᠤᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠳᠤ᠂ ᠬᠢᠯᠢ ᠶᠢᠨ ᠨᠢᠭᠡᠳᠦᠭᠡᠷ ᠹᠷᠣᠨᠲ ᠲᠤ ᠶᠠᠪᠠᠭᠠᠨ ᠢᠶᠠᠷ ᠲᠣᠭᠤᠷᠢᠨ ᠪᠠᠶᠢᠴᠠᠭᠠᠵᠤ᠂ ᠬᠠᠮᠠᠭᠠᠯᠠᠨ ᠬᠢᠮᠠᠭᠠᠳᠠᠬᠤ ᠠᠵᠢᠯ ᠢ ᠥᠷᠨᠢᠭᠦᠯᠵᠦ᠂ ︽ᠨᠠᠮ ᠵᠠᠰᠠᠭ ᠴᠡᠷᠢᠭ ᠴᠠᠭᠳᠠᠭ᠎ᠠ ᠠᠷᠠᠳ︾ ᠬᠤᠯᠪᠤᠭᠠᠯᠠᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠠᠬᠢᠵᠢᠭᠦᠯᠵᠦ᠂ ᠬᠢᠯᠢ ᠶᠢᠨ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾  ᠢ ᠨᠢᠭᠲᠠ  ᠪᠠᠬᠢᠵᠢᠭᠦᠯᠬᠦ ᠶᠢ ᠠᠬᠢᠭᠤᠯᠪᠠ᠃ ᠬᠢᠯᠢ ᠬᠢᠵᠠᠭᠠᠷ ᠢ ᠲᠣᠭᠤᠷᠢᠨ ᠪᠠᠶᠢᠴᠠᠭᠠᠵᠤ ᠬᠢᠯᠢ ᠬᠢᠵᠠᠭᠠᠷ ᠢ ᠬᠠᠮᠠᠭᠠᠯᠠᠬᠤ ᠠᠵᠢᠯᠯᠠᠭ᠎ᠠ ᠶᠢᠨ ᠶᠠᠪᠤᠴᠠ ᠳᠤ᠂ ᠡᠬᠡ ᠤᠯᠤᠰ ᠤᠨ ᠬᠢᠯᠢ ᠶᠢᠨ ᠱᠤᠭᠤᠮ ᠢ ᠪᠠᠷᠠᠯᠠᠬᠤᠶ᠎ᠠ᠂ ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠨ ᠺᠠᠳ᠋ᠷᠴᠤᠳ ᠡᠬᠡ ᠤᠯᠤᠰ ᠤᠨ ᠬᠦᠴᠦᠷᠬᠡᠭ ᠶᠡᠭᠡ  ᠪᠤᠯᠤᠨ ᠠᠮᠤᠷ ᠲᠦᠪᠰᠢᠨ ᠢ ᠭᠦᠨᠵᠡᠭᠡᠢ ᠣᠶᠢᠯᠠᠭᠠᠭᠰᠠᠨ ᠪᠥᠭᠡᠳ ᠬᠤᠶᠢᠰᠢᠳᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠷ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ᠎ᠠ ᠭᠡᠵᠦ ᠢᠯᠡᠳᠬᠡᠪᠡ᠃ ᠰᠤᠮᠤᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠬᠢᠯᠢ ᠶᠢᠨ ᠬᠥᠰᠢᠶ᠎ᠡ ᠶᠢ ᠪᠣᠳᠣᠭᠯᠠᠨ ᠵᠢᠷᠤᠭᠯᠠᠬᠤ ᠬᠡᠯᠪᠡᠷᠢ ᠪᠠᠷ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠰᠡᠳᠬᠢᠯᠭᠡ ᠪᠠᠨ ᠢᠯᠡᠳᠭᠡᠭᠰᠡᠨ  ᠪᠠᠶᠢᠨ᠎ᠠ᠃      ᠨᠢᠭᠡᠨ ᠤᠳᠠᠭᠠᠨ ᠤ ᠨᠠᠮᠴᠢ ᠴᠢᠨᠠᠷ ᠢ  ᠴᠢᠩᠭᠠᠳᠬᠠᠬᠤ ᠨᠠᠮ ᠤᠨ ᠬᠢᠴᠢᠶᠡᠯ  ᠦᠷᠨᠢᠭᠦᠯᠪᠡ᠃        ᠰᠤᠮᠤᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠠᠴᠠ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ﹀ ᠢ ᠨᠠᠷᠢᠨ ᠬᠢᠨᠠᠮᠠᠭᠠᠢ ᠰᠤᠷᠤᠯᠴᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ︾ ᠭᠡᠬᠦ ᠰᠡᠳᠦᠪ ᠢᠶᠠᠷ ᠨᠠᠮ ᠤᠨ ᠭᠡᠰᠢᠭᠦᠳ ᠲᠤ ᠠᠮᠢᠳᠤᠯᠢᠭ ᠨᠠᠮ ᠤᠨ ᠬᠢᠴᠢᠶᠡᠯ ᠤᠷᠤᠪᠠ᠃ ᠪᠦᠬᠦ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠥᠪᠡᠷ ᠤᠨ ᠦᠢᠯᠡ ᠠᠵᠢᠯᠯᠠᠭ᠎ᠠ ᠪᠠᠨ ᠢᠮᠠᠭᠲᠠ ᠨᠠᠮ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠨᠢᠭᠡᠨ  ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠦᠷᠨᠢᠭᠦᠯᠪᠡ᠃      ᠰᠤᠮᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂  ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠲᠣᠰ ᠲᠣᠰ ᠣᠯᠠᠨ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠭᠦᠨᠵᠡᠭᠡᠢ ᠰᠤᠷᠤᠯᠴᠠᠬᠤ ᠶᠢᠨ ᠬᠠᠮᠲᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃  ᠪᠦᠬᠦᠶᠢᠯᠡ ᠨᠠᠮ ᠤᠨ  ᠭᠡᠰᠢᠭᠦᠨ ᠪᠡᠶ᠎ᠡ ᠠᠴᠠ ᠪᠠᠨ ᠡᠬᠢᠯᠡᠨ ᠴᠢᠩᠭ᠎ᠠ ᠵᠢᠷᠤᠮᠯᠠᠵᠤ᠂ ᠤᠬᠠᠮᠰᠠᠷ ᠠᠴᠠ ᠪᠠᠨ ᠲᠤᠭᠤᠰᠢᠯᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯᠯᠠᠭ᠎ᠠ ᠳᠡᠭᠡᠷ᠎ᠡ ᠪᠠᠨ ᠦᠨᠡᠨᠬᠦ ᠨᠠᠶᠢᠳᠠᠪᠤᠷᠢᠵᠢᠭᠤᠯᠤᠨ᠂ ᠠᠵᠢᠯ ᠤᠨ ᠳᠤᠮᠳᠠ ᠪᠠᠨ ᠢᠯᠡᠷᠡᠭᠦᠯᠵᠦ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃       ᠨᠢᠭᠡᠨ ᠣᠳᠠᠭᠠᠨ ᠤ  ᠲᠣᠰᠬᠠᠢ ᠰᠡᠳᠤᠪᠲᠤ ᠮᠡᠳᠡᠯᠭᠡ ᠶᠢᠨ ᠤᠷᠤᠯᠳᠣᠭᠠᠨ ᠦᠷᠨᠢᠭᠦᠯᠪᠡ᠃      ︽ᠨᠠᠮ ᠤᠨ ᠳᠦᠷᠢᠮ ᠨᠠᠮ ᠤᠨ ᠰᠠᠬᠢᠯᠭ᠎ᠠ ᠪᠠᠲᠤ︾ ᠪᠠᠷ ᠭᠤᠣᠯ ᠰᠡᠳᠦᠪ ᠪᠣᠯᠭᠠᠭᠰᠠᠨ ᠨᠢᠭᠡ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠡᠯ᠎ᠡ ᠪᠦᠷᠢᠯᠳᠦᠭᠦᠨ ᠨᠢᠭᠡᠴᠢ ᠶᠢᠨ 30 ᠭᠠᠷᠤᠢ ᠨᠠᠮ ᠤᠨ ᠭᠡᠰᠢᠭᠦᠨ ᠤᠷᠤᠯᠳᠤᠭᠠᠨ ᠳᠤ ᠣᠷᠣᠯᠴᠠᠪᠠ᠃ ᠲᠤᠰ ᠣᠳᠠᠭᠠᠨ ᠤ ᠤᠷᠤᠯᠳᠤᠭᠠᠨ ᠳᠤ ᠨᠠᠮ ᠤᠨ ᠳᠦᠷᠢᠮ᠂ ᠨᠠᠮ ᠤᠨ ᠲᠡᠦᠬᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ  ᠬᠠᠮᠤᠷᠴᠤ᠂ ᠤᠷᠤᠯᠳᠤᠭᠠᠨ ᠳᠤ ᠣᠷᠣᠯᠴᠠᠭᠰᠠᠳ ᠮᠠᠨᠢ ᠲᠡᠮᠡᠴᠡᠯ ᠤᠨ ᠵᠣᠷᠢᠭ ᠪᠠᠳᠠᠷᠠᠩᠭᠤᠢ᠂ ᠴᠤᠬ ᠵᠢᠪᠬᠤᠭ᠎ᠠ ᠲᠡᠭᠦᠯᠳᠡᠷ ᠪᠠᠶᠢᠵᠤ᠂ ᠢᠳᠡᠪᠬᠢᠲᠡᠢ ᠪᠠᠷ ᠰᠡᠳᠦᠪ ᠬᠠᠷᠢᠭᠤᠯᠵᠤ᠂ ᠤᠶᠤᠨ ᠤᠬᠠᠭᠠᠨ ᠪᠠ ᠡᠷᠳᠡᠮ ᠮᠡᠳᠡᠯᠭᠡ ᠶᠢᠨ  ᠭᠤᠶᠢᠳᠠ ᠰᠠᠶᠢᠬᠠᠨ ᠦᠵᠡᠯᠴᠡᠭᠡᠨ ᠢ  ᠬᠠᠷᠠᠭᠤᠯᠤᠭᠰᠠᠨ ᠪᠠᠶᠢᠨ᠎ᠠ᠃     ᠨᠢᠭᠡᠨ ᠤᠳᠠᠭᠠᠨ ᠤ  ᠬᠠᠮᠲᠤᠷᠠᠭᠰᠠᠨ ᠨᠠᠮ ᠤᠨ ᠬᠤᠷᠢᠶ᠎ᠠ ᠶᠢᠨ ᠠᠵᠢᠯ ᠤᠨ ᠶᠠᠷᠢᠯᠴᠠᠬᠤ ᠬᠤᠷᠠᠯ ᠦᠷᠨᠢᠭᠦᠯᠪᠡ᠃      ︽ᠨᠠᠮ ᠵᠠᠰᠠᠭ ᠴᠡᠷᠢᠭ ᠴᠠᠭᠳᠠᠭ᠎ᠠ ᠠᠷᠠᠳ︾ ᠤᠨ ᠲᠠᠪᠤ   ᠶᠢ ᠨᠢᠭᠡ ᠴᠣᠭᠴᠠᠵᠢᠭᠤᠯᠤᠭᠰᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠲᠣᠭᠲᠠᠴᠠ   ᠶᠢ ᠤᠯᠠᠮ ᠨᠢᠭᠡ ᠠᠯᠬᠤᠮ ᠪᠠᠲᠤᠳᠬᠠᠨ᠂ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠣᠰᠠᠲᠠ᠂ ᠬᠠᠮᠲᠤᠷᠠᠭᠰᠠᠨ ᠨᠠᠮ ᠤᠨ ᠬᠤᠷᠢᠶᠠᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠢᠯᠢ ᠬᠢᠵᠠᠭᠠᠷ ᠢ ᠬᠦᠴᠤᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠦᠲᠦᠮᠵᠢᠲᠡᠢ ᠪᠠᠷ ᠦᠷᠭᠦᠯᠵᠢᠯᠡᠭᠦᠯᠬᠦ᠂ ᠦᠨᠳᠦᠰᠦᠨ ᠱᠠᠲᠤᠨ ᠳᠤ  ᠬᠦᠷᠭᠡᠬᠦᠯᠭᠦ᠂ ᠤᠯᠠᠨ ᠲᠦᠮᠡᠨ ᠳᠤ  ᠦᠨᠳᠣᠰᠦᠯᠡᠭᠦᠯᠬᠦ  ᠶᠢ ᠠᠬᠢᠭᠤᠯᠵᠤ᠂ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ  ᠪᠠᠳᠤᠳᠬᠠᠨ᠂ ᠬᠢᠯᠢ ᠬᠢᠵᠠᠭᠠᠷ ᠢ ᠪᠠᠬᠢᠵᠢᠭᠦᠯᠬᠦ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ  ᠪᠠᠬᠢᠵᠢᠭᠦᠯᠬᠦ ᠶᠢ ᠴᠢᠩᠭᠠᠳᠬᠠᠪᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号