ᠮᠠᠨ ᠤ ᠬᠤᠰᠢᠭᠤ ᠢᠳᠡᠭᠡᠨ ᠡᠮ ᠤᠨ ᠵᠦᠢᠯᠡᠰ ᠤᠨ ᠠᠶᠤᠯᠬᠦᠢ ᠶᠢᠨ ᠵᠥᠪᠯᠡᠯ ᠤᠨ 2024 ᠣᠨ ᠤ ᠠᠩᠬᠠᠳᠤᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/12
      6 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠢᠳᠡᠭᠡᠨ ᠡᠮ ᠤᠨ ᠵᠦᠢᠯᠡᠰ ᠤᠨ ᠠᠶᠤᠯᠬᠦᠢ ᠶᠢᠨ ᠵᠥᠪᠯᠡᠯ ᠤᠨ 2024 ᠣᠨ ᠤ ᠠᠩᠬᠠᠳᠤᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠢ ᠬᠤᠷᠠᠯᠳᠤᠭᠤᠯᠪᠠ᠃      ᠳᠡᠳ᠋ ᠬᠤᠰᠢᠭᠤ ᠳᠠᠷᠤᠭ᠎ᠠ ᠴᠠᠩ ᠵᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠢᠳᠡᠭᠡᠨ ᠡᠮ ᠤᠨ ᠵᠦᠢᠯᠡᠰ ᠤᠨ ᠠᠶᠤᠯᠬᠦᠢ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠤᠷᠠᠯ ᠠᠴᠠ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2024 ᠣᠨ ᠤ ᠳᠡᠭᠡᠷ᠎ᠡ ᠬᠠᠭᠠᠰ ᠵᠢᠯ ᠤᠨ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ  ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ  ᠤᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠦᠨᠳᠦᠷᠴᠡ ᠳᠤ ᠵᠣᠭᠰᠣᠵᠤ᠂ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠤᠨ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠡᠮ ᠤᠨ ᠵᠦᠢᠯᠡᠰ ᠢ ᠦᠢᠯᠡᠳᠪᠦᠷᠢᠯᠡᠬᠦ᠂ ᠡᠳ᠋ᠰᠢᠭᠦᠯᠬᠦ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠪᠦᠬᠦ ᠶᠠᠪᠤᠴᠠ ᠶᠢᠨ ᠠᠮᠤᠷ ᠲᠦᠪᠰᠢᠨ ᠤ ᠪᠣᠭᠤᠮᠲᠠ  ᠶᠢ ᠰᠠᠶᠢᠲᠤᠷ ᠰᠠᠬᠢᠵᠤ᠂《 ᠭᠤᠷᠪᠠ ᠦᠭᠡᠢ 》᠂ ᠬᠤᠳᠠᠯ ᠬᠠᠭᠤᠷᠮᠠᠭ᠂ ᠴᠢᠨᠠᠷ ᠮᠠᠭᠤ᠂ ᠬᠤᠭᠤᠴᠠᠭ᠎ᠠ ᠨᠢ ᠬᠡᠲᠦᠷᠡᠭᠰᠡᠨ ᠢᠳᠡᠭᠡᠨ ᠡᠮ ᠤᠨ ᠵᠦᠢᠯᠡᠰ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠢᠳᠡᠭᠡᠨ ᠡᠮ ᠤᠨ ᠵᠦᠢᠯᠡᠰ ᠢ ᠬᠡᠷᠡᠭᠯᠡᠬᠦ ᠨᠡᠩ ᠠᠮᠤᠷ ᠲᠦᠪᠰᠢᠨ᠂ ᠰᠠᠨᠠᠭ᠎ᠠ ᠠᠮᠤᠷ  ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号