ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠶᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/12
      6 ᠰᠠᠷ᠎ᠠ ᠶᠢᠨ 19 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠶᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ  ᠳᠠᠶᠢᠴᠢᠯᠠᠨ  ᠪᠠᠶᠢᠷᠢᠯᠠᠭᠤᠯᠬᠤ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠶᠢᠨ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠶᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ᠂ ᠡᠭᠦᠷᠭᠡ  ᠶᠢᠨ ᠬᠤᠪᠢᠶᠠᠷᠢᠯᠠᠯᠲᠠ ᠶᠢᠨ ᠲᠤᠬᠠᠶ ᠲᠣᠭᠲᠠᠭᠠᠯ ᠵᠢᠴᠢ ᠲᠣᠰ ᠡᠭᠡᠯᠵᠢ ᠶᠢᠨ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠪᠠ ᠡᠭᠦᠷᠭᠡ ᠶᠢᠨ ᠬᠤᠪᠢᠶᠠᠷᠢᠯᠠᠯᠲᠠ ᠶᠢᠨ ᠲᠣᠭᠲᠠᠭᠠᠯ ᠢ ᠤᠩᠰᠢᠨ ᠨᠡᠶᠢᠲᠡᠯᠡᠵᠦ᠂ ᠡᠯ᠎ᠡ ᠳᠤᠭᠤᠶᠢᠯᠠᠩ ᠤᠨ ᠪᠦᠷᠢᠯᠳᠦᠬᠦᠨ ᠳᠤ ᠡᠷᠬᠡ ᠣᠯᠭᠤᠬᠤ ᠶᠢ ᠲᠣᠳᠣᠷᠬᠠᠶᠢᠯᠠᠪᠠ᠃      ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ 2 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 4 ᠰᠤᠮᠤ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠠᠷᠢᠶᠠᠲᠤ 27 ᠭᠠᠴᠠᠭᠠᠨ ᠤ 10 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ᠡᠭᠦᠨ ᠳᠤ 4 ᠭᠠᠴᠠᠭ᠎ᠠ 1 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠰᠢᠭᠤᠳ ᠲᠣᠭᠤᠷᠢᠨ ᠪᠠᠶᠢᠴᠠᠭᠠᠯᠲᠠ ᠬᠢᠵᠦ᠂ ᠪᠤᠰᠤᠳ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ《ᠭᠠᠴᠠᠭ᠎ᠠ ᠪᠠᠯᠭᠠᠰᠤ  ᠶᠢ ᠨᠢᠭᠡ ᠴᠤᠭᠴᠠᠵᠢᠭᠤᠯᠤᠨ ᠲᠣᠭᠤᠷᠢᠨ ᠪᠠᠶᠢᠴᠠᠭᠠᠯᠲᠠ 》ᠬᠢᠨ᠎ᠠ  ᠃      ᠬᠤᠷᠠᠯ ᠠᠴᠠ᠂ ᠲᠣᠭᠤᠷᠢᠨ ᠪᠠᠶᠢᠴᠠᠭᠠᠬᠤ ᠠᠵᠢᠯ ᠪᠣᠯ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠢᠮᠠᠭᠲᠠ ᠲᠤᠶᠢᠯᠪᠤᠷᠢᠲᠠᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ  ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠴᠢᠬᠤᠯᠠ ᠠᠷᠭ᠎ᠠ ᠵᠠᠮ ᠮᠥᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠥᠷᠨᠢᠭᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠶᠴᠡᠳ ᠲᠠᠨᠢᠵᠤ᠂《ᠬᠤᠶᠠᠷ ᠢ ᠬᠠᠮᠠᠭᠠᠯᠠᠬᠤ 》 ᠶᠢ ᠦᠶᠯᠡᠳᠦᠯᠭᠡᠵᠢᠭᠦᠯᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃      ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ  ᠬᠠᠮᠵᠢᠯᠴᠠᠭᠠᠨ ᠤ ᠲᠣᠭᠲᠠᠴᠠ ᠶᠢᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠶᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠬᠤᠯᠪᠣᠭᠳᠠᠯ ᠪᠥᠬᠦᠶ ᠬᠥᠮᠦᠰ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号