ᠤᠯᠢᠶᠠᠰᠤᠲᠠᠢ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠨᠢ ︽ᠤᠷᠬᠢᠯᠦᠮ᠎ᠠ ᠰᠡᠳᠬᠢᠯ ᠢᠶᠠᠷ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ ᠪᠦᠲᠦᠭᠡᠯᠴᠢ ᠭᠠᠷ ᠤᠷᠠᠯᠠᠯ ᠢᠶᠠᠷ ᠤᠭ ᠰᠠᠨᠠᠭ᠎ᠠ ᠪᠠᠨ ᠢᠯᠡᠳᠬᠡᠶ᠎ᠡ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/12
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠪᠦᠬᠦ ᠨᠠᠮ ᠤᠨ ᠭᠡᠰᠢᠭᠦᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠬᠦᠰᠡᠯ ᠵᠡᠭᠦᠳᠦ ᠪᠠᠨ ᠲᠡᠷᠭᠡᠯᠰᠢᠭᠦᠯᠬᠦ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 8 ᠤ ᠡᠳᠦᠷ᠂ ᠤᠯᠢᠶᠠᠰᠤᠲᠠᠶ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠨᠢ ︽ᠤᠷᠬᠢᠯᠦᠮ᠎ᠠ ᠰᠡᠳᠬᠢᠯ ᠢᠶᠠᠷ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ  ᠪᠦᠲᠦᠭᠡᠯᠴᠢ ᠭᠠᠷ ᠤᠷᠠᠯᠠᠯ ᠢᠶᠠᠷ ᠣᠭ ᠰᠠᠨᠠᠭ᠎ᠠ ᠪᠠᠨ ᠢᠯᠡᠳᠬᠡᠶ᠎ᠡ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠡᠬᠢᠯᠡᠮᠡᠭᠴᠡ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ︽ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠪᠣᠯ ᠨᠠᠰᠤᠨ ᠲᠤᠷᠰᠢᠳᠠ ᠶᠢᠨ ᠵᠠᠪᠠᠯ ᠰᠤᠷᠬᠤ ᠬᠢᠴᠢᠶᠡᠯ ᠮᠥᠨ︾ ᠭᠡᠬᠦ ᠰᠡᠳᠦᠪ ᠢᠶᠠᠷ ᠨᠠᠮ ᠤᠨ ᠭᠡᠰᠢᠭᠦᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠲᠡᠷᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠤᠨ ᠭᠤᠣᠯ ᠠᠭᠤᠯᠭ᠎ᠠ ᠶᠢ ᠭᠦᠨᠵᠡᠭᠡᠶ ᠪᠥᠭᠡᠳ ᠤᠶᠢᠯᠠᠭᠠᠮᠵᠢᠲᠠᠢ ᠪᠠᠷ  ᠲᠠᠶᠢᠯᠪᠤᠷᠢᠯᠠᠵᠦ᠂ ᠨᠠᠮ ᠤᠨ ᠭᠡᠰᠢᠭᠦᠨ ᠳᠤ ᠨᠠᠮ ᠤᠨ ᠰᠠᠬᠢᠯᠭ᠎ᠠ ᠪᠠᠲᠤ ᠶᠢᠨ ᠦᠵᠡᠭᠦᠯᠬᠦ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠪᠦᠬᠦ ᠨᠠᠮ ᠤᠨ ᠭᠡᠰᠢᠭᠦᠨ ᠢ ᠡᠷᠬᠡᠪᠰᠢ ᠭᠦᠨᠵᠡᠭᠡᠶ ᠰᠤᠷᠤᠯᠴᠠᠨ ᠤᠶᠢᠯᠠᠭᠠᠵᠦ᠂ ᠤᠬᠠᠮᠰᠠᠷ ᠠᠴᠠ ᠪᠠᠨ ᠰᠤᠷᠤᠯᠴᠠᠬᠤ᠂ ᠰᠠᠨᠠᠭᠠᠴᠢᠯᠠᠭ᠎ᠠ ᠠᠴᠠ ᠪᠠᠨ ᠰᠤᠷᠤᠯᠴᠠᠬᠤ᠂ ᠭᠦᠨᠵᠡᠭᠡᠶ ᠰᠤᠷᠤᠯᠴᠠᠬᠤ ᠶᠢ ᠪᠡᠶᠡᠯᠡᠭᠦᠯᠵᠦ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠤᠯᠠᠭᠠᠨ ᠱᠤᠭᠤᠮ ᠠᠴᠠ ᠤᠬᠠᠮᠰᠠᠷ ᠠᠴᠠ ᠪᠠᠨ ᠵᠠᠶᠢᠳᠠᠬᠤ ᠬᠡᠷᠡᠭᠲᠡᠶ ᠭᠡᠵᠦ ᠱᠠᠭᠠᠷᠳᠠᠵᠠᠶ᠃      ᠳᠠᠷᠠᠭ᠎ᠠ ᠳᠤᠨᠢ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠳᠡᠳ᠋ ᠱᠦᠵᠢ ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨᠲᠠ ᠡᠷᠭᠢᠴᠡᠭᠦᠯᠪᠡ᠃ ᠨᠠᠮ ᠤᠨ ᠭᠡᠰᠢᠭᠦᠳ ᠪᠠᠷᠠᠭᠤᠨ ᠭᠠᠷ ᠢᠶᠠᠨ ᠲᠥᠪ ᠶᠡᠬᠡᠮᠰᠦᠭ ᠢᠶᠠᠷ ᠡᠷᠭᠦᠵᠦ᠂ ᠲᠠᠩᠭᠠᠷᠢᠭ ᠤᠨ ᠦᠭᠡ ᠪᠠᠨ ᠵᠡᠷᠭᠡ ᠪᠠᠷ ᠤᠩᠰᠢᠬᠤ ᠳᠤ᠂ ᠡᠨᠡᠬᠦ ᠬᠠᠩᠭᠢᠨᠠᠮ᠎ᠠ ᠬᠦᠴᠦᠲᠡᠶ ᠳᠠᠭᠤᠨ ᠬᠤᠷᠠᠯ ᠤᠨ ᠭᠡᠷ ᠲᠤ ᠴᠤᠤᠷᠢᠶᠠᠲᠤᠵᠤ᠂ ᠲᠡᠳᠡᠨ ᠢ ᠨᠠᠮ ᠳᠤ ᠣᠷᠣᠬᠤ ᠦᠶ᠎ᠡ ᠶᠢᠨ ᠳᠣᠭᠳᠣᠯᠤᠭᠰᠠᠨ ᠴᠠᠭ ᠮᠥᠴᠡ ᠳᠤ ᠠᠪᠴᠢᠷᠠᠭᠰᠠᠨ ᠮᠡᠲᠦ ᠪᠠᠶᠢᠯ᠎ᠠ᠃ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠬᠦ ᠪᠠᠷ ᠲᠠᠮᠵᠢᠨ᠂ ᠨᠠᠮ ᠤᠨ ᠭᠡᠰᠢᠭᠦᠳ ᠥᠪᠡᠷ ᠤᠨ ᠨᠠᠮ ᠳᠤ ᠣᠷᠣᠬᠤ ᠤᠭ ᠰᠠᠨᠠᠭ᠎ᠠ ᠪᠠᠨ ᠨᠡᠩ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ        ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠭᠦᠨ ᠰᠡᠳᠬᠢᠯᠭᠡ ᠲᠠᠢ ᠪᠠᠷ ᠢᠯᠡᠳᠬᠡᠵᠡᠢ᠃      ᠵᠠᠯᠭᠠᠭᠠᠳ ᠪᠦᠲᠦᠭᠡᠯᠴᠢ ᠭᠠᠷ ᠤᠷᠠᠯᠠᠯ ᠤᠨ ᠠᠵᠢᠯᠯᠠᠭ᠎ᠠ ᠶᠢᠨ ᠭᠤᠭᠴᠤᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠡᠩ ᠲᠡᠷᠢᠭᠦᠨ ᠳᠤ ᠬᠤᠯᠤᠰᠤᠨ ᠭᠦᠷᠦᠮᠡᠯ ᠤᠨ ᠵᠢᠷᠤᠭ ᠤᠨ ᠰᠣᠶᠣᠯ ᠤᠨ ᠠᠬᠤᠶ ᠪᠠᠶᠢᠳᠠᠯ᠂ ᠦᠢᠯᠡᠳᠬᠦ ᠶᠠᠪᠤᠴᠠ ᠵᠢᠴᠢ ᠭᠤᠤᠯ ᠣᠨᠴᠠᠯᠢᠭ ᠢ ᠣᠯᠠᠨ ᠳᠤ ᠨᠠᠷᠢᠨ ᠲᠠᠨᠢᠯᠴᠠᠭᠤᠯᠪᠠ᠃ ᠠᠵᠢᠯᠲᠠᠳ ᠤᠨ ᠵᠢᠯᠣᠭᠤᠳᠣᠯᠭ᠎ᠠ ᠪᠠᠷ᠂ ᠨᠠᠮ ᠤᠨ ᠭᠡᠰᠢᠭᠦᠳ ᠬᠤᠯᠤᠰᠤᠨ ᠭᠦᠷᠦᠮᠡᠯ ᠤᠨ ᠵᠢᠷᠤᠭ ᠢ ᠲᠤᠷᠰᠢᠨ ᠬᠢᠵᠦ ᠡᠬᠢᠯᠡᠪᠡ᠃ ᠬᠤᠯᠤᠰᠤᠨ ᠭᠦᠷᠦᠮᠡᠯ ᠤᠨ ᠮᠠᠲ᠋ᠧᠷᠢᠶᠠᠯ ᠢ ᠨᠠᠷᠢᠨ ᠬᠢᠨᠠᠮᠠᠭᠠᠶ ᠰᠢᠯᠢᠨ ᠰᠣᠩᠭᠤᠵᠤ᠂ ︽ᠳᠠᠷᠤᠬᠤ᠂ ᠰᠣᠩᠭᠤᠬᠤ︾ ᠵᠡᠷᠭᠡ ᠨᠠᠶᠢᠷᠠᠭᠤᠯᠭ᠎ᠠ ᠶᠢᠨ ᠠᠷᠭ᠎ᠠ ᠪᠠᠷ ᠬᠡᠰᠡᠭ ᠬᠡᠰᠡᠭ ᠬᠤᠯᠤᠰᠤᠨ ᠭᠦᠷᠦᠮᠡᠯ ᠤᠨ ᠬᠠᠪᠲᠠᠰᠤ ᠶᠢ ᠠᠭᠠᠵᠢᠮ ᠢᠶᠠᠷ ᠨᠠᠶᠢᠷᠠᠭᠤᠯᠤᠨ ᠵᠣᠬᠢᠶᠠᠪᠠ᠃ ᠳᠠᠷᠠᠭ᠎ᠠ ᠨᠢ ᠨᠠᠮ ᠤᠨ ᠪᠠᠶᠢᠭᠤᠯᠤᠯᠲᠠ ᠶᠢᠨ ᠭᠤᠣᠯ ᠰᠡᠳᠦᠪᠲᠦ ᠵᠢᠷᠤᠭ ᠤᠨ ᠺᠠᠷᠲ ᠢ ᠬᠤᠯᠤᠰᠤᠨ ᠭᠦᠷᠦᠮᠡᠯ ᠤᠨ ᠬᠠᠪᠲᠠᠰᠤᠨ ᠳᠡᠭᠡᠷ᠎ᠡ ᠤᠷᠠᠨ ᠢᠶᠠᠷ ᠪᠠᠬᠢᠯᠡᠨ ᠲᠣᠭᠲᠠᠭᠠᠵᠤ᠂ ᠭᠤᠶᠣ  ᠰᠠᠶᠢᠬᠠᠨ ᠵᠢᠷᠤᠭ ᠤᠨ ᠬᠠᠪᠢᠰᠤᠨ ᠳᠤ ᠰᠠᠪᠠᠯᠠᠪᠠᠯ᠂ ᠨᠢᠭᠡ ᠬᠡᠰᠡᠭ ᠣᠨᠴᠠᠭᠠᠶ ᠬᠤᠯᠤᠰᠤᠨ ᠭᠦᠷᠦᠮᠡᠯ ᠤᠨ ᠵᠢᠷᠤᠭ ᠢ ᠬᠢᠵᠦ ᠳᠠᠭᠤᠰᠬᠠᠳᠠᠭ᠃ ᠡᠳᠡᠭᠡᠷ ᠵᠣᠬᠢᠶᠠᠯ ᠪᠦᠲᠦᠭᠡᠯ ᠨᠢ ᠨᠠᠮ ᠤᠨ ᠭᠡᠰᠢᠭᠦᠳ ᠤᠨ ᠰᠡᠳᠬᠢᠯ ᠰᠠᠨᠠᠭ᠎ᠠ ᠬᠤᠷᠴᠠ ᠭᠠᠷ ᠤᠷ᠎ᠠ ᠪᠠ ᠪᠦᠲᠦᠭᠡᠯᠴᠢ ᠴᠢᠳᠠᠪᠤᠷᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠤᠯᠠᠨ ᠢᠶᠠᠷ ᠢᠶᠠᠨ ᠨᠠᠮ ᠪᠠ ᠡᠬᠡ ᠤᠯᠤᠰ ᠢᠶᠠᠨ ᠲᠦᠢᠯ ᠢᠶᠠᠷ ᠬᠠᠶᠢᠷᠠᠯᠠᠬᠤ ᠰᠡᠳᠬᠢᠯᠭᠡ ᠶᠢ ᠢᠯᠡᠷᠡᠭᠦᠯᠦᠭᠰᠡᠨ  ᠪᠠᠶᠢᠨ᠎ᠠ᠃      ᠲᠤᠰ ᠤᠳᠠᠭᠠᠨ ᠤ ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ ᠪᠠᠰᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠦᠪᠯᠡᠷᠡᠩᠭᠦᠢ ᠬᠦᠴᠦᠨ ᠢ ᠤᠯᠡᠮ‌ᠨᠢᠭᠡ ᠠᠯᠬᠤᠮ ᠴᠢᠩᠭᠠᠷᠠᠭᠤᠯᠵᠠᠶ᠃ ᠬᠤᠶᠢᠰᠢᠲᠠ ᠨᠡᠶᠢᠭᠡᠮ ᠲᠣᠭᠤᠷᠢᠭ  ᠨᠢ ᠨᠡᠩ ᠤᠯᠠᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠰᠠᠭᠤᠭᠠᠯᠢ ᠠᠷᠠᠳ ᠲᠤ ᠨᠡᠩ ᠤᠯᠠᠨ ᠰᠣᠯᠢᠯᠴᠠᠭ᠎ᠠ ᠬᠢᠬᠦ ᠪᠠ ᠬᠠᠷᠢᠯᠴᠠᠨ ᠬᠥᠳᠡᠯᠦᠯᠴᠡᠬᠦ ᠠᠵᠠ ᠲᠣᠬᠢᠶᠠᠯ ᠢ ᠡᠭᠦᠳᠴᠦ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠪᠣᠯᠤᠨ᠎ᠠ᠃    
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号