ᠤᠯᠢᠶᠠᠰᠤᠲᠠᠢ ᠪᠠᠯᠭᠠᠰᠤ ᠨᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/12
      ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 2024 ᠣᠨ ᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠦᠨᠡᠨᠬᠦ ᠠᠬᠢᠭᠤᠯᠬᠤ ᠶᠢᠨ ᠲᠥᠯᠥᠭᠡ᠂ ᠤᠯᠢᠶᠠᠰᠤᠲᠠᠢ ᠪᠠᠯᠭᠠᠰᠤ ᠠᠴᠠ ᠬᠠᠷᠢᠶ᠎ᠠ ᠣᠷᠣᠨ ᠤ ᠠᠵᠤ ᠠᠬᠤᠶᠢᠯᠠᠯ ᠳᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠪᠡ᠃      ᠪᠠᠶᠢᠴᠠᠭᠠᠬᠤ ᠳᠤᠭᠤᠶᠢᠯᠠᠩ ᠨᠢ ᠬᠠᠷᠢᠶ᠎ᠠ ᠣᠷᠣᠨ ᠤ  ᠭᠠᠮᠰᠢᠭ ᠲᠤ ᠠᠮᠠᠷᠬᠠᠨ ᠨᠥᠯᠥᠭᠡᠯᠡᠭᠳᠡᠬᠦ ᠭᠤᠣᠯᠳᠠᠯᠭ᠎ᠠ ᠲᠠᠢ ᠭᠠᠵᠠᠷ ᠣᠷᠣᠨ ᠪᠠ ᠠᠵᠤ ᠠᠬᠤᠶᠢᠯᠠᠯ ᠳᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠵᠢᠵᠢᠭᠦᠷᠯᠡᠨ ᠰᠠᠬᠢᠬᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ ᠨᠢᠭᠲᠠ ᠪᠠᠶᠢᠴᠠᠭᠠᠯᠲᠠ ᠬᠢᠪᠡ᠃ ᠬᠤᠯᠪᠣᠭᠳᠠᠯ ᠪᠦᠬᠦᠢ ᠠᠵᠤ ᠠᠬᠤᠶᠢᠯᠠᠯ ᠢ ᠡᠷᠬᠡᠪᠰᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠴᠢᠬᠤᠯᠠᠴᠢᠯᠠᠨ ᠦᠵᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ        ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠪᠠ ᠰᠣᠷᠢᠯᠲᠠ ᠬᠢᠬᠦ ᠶᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠤᠰᠤ  ᠭᠠᠳᠠᠭᠰᠢᠯᠠᠭᠤᠯᠬᠤ ᠳᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠨᠢ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠣᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠦᠶᠡᠷ ᠤᠨ ᠬᠤᠭᠤᠴᠠᠭᠠᠨ ᠳᠤ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠪᠠᠷ ᠰᠢᠢᠳᠪᠦᠷᠢᠯᠡᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号