ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ            ︽ᠡᠮᠡᠭᠲᠡᠶᠢᠴᠦᠳ ᠤᠷᠢᠳ ᠢᠶᠠᠷ ᠬᠥᠳᠡᠯᠦᠯᠴᠡᠬᠦ︾  ᠭᠡᠷ ᠤᠨ ᠰᠤᠷᠲᠠᠯ ᠢ  ᠪᠣᠢ ᠪᠣᠯᠭᠠᠬᠤ ︽ᠬᠡᠪ ᠵᠠᠩᠰᠢᠯ ᠢ ᠦᠭᠡᠷᠡᠴᠢᠯᠡᠬᠦ︾ ᠡᠮᠡᠭᠲᠡᠶᠢᠴᠦᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ  ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠠᠮᠠᠢ ᠰᠤᠮᠤᠨ ᠤ  ᠮᠠᠨᠳᠠᠯᠲᠤ  ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠨᠢ ︽ᠡᠮᠡᠭᠲᠡᠶᠢᠴᠦᠳ ᠤᠷᠢᠳ ᠢᠶᠠᠷ  ᠬᠥᠳᠡᠯᠦᠯᠴᠡᠬᠦ︾  ᠭᠡᠷ ᠤᠨ ᠰᠤᠷᠲᠠᠯ ᠢ  ᠪᠣᠢ ᠪᠣᠯᠭᠠᠬᠤ ︽ᠬᠡᠪ ᠵᠠᠩᠰᠢᠯ ᠢ ᠦᠭᠡᠷᠡᠴᠢᠯᠡᠬᠦ︾ ᠡᠮᠡᠭᠲᠡᠶᠢᠴᠦᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ᠃      ᠰᠠᠭᠤᠳᠠᠯ ᠤᠨ ᠬᠤᠷᠠᠯ ᠳᠤ᠂ ᠤᠯᠠᠨ ᠢᠶᠠᠷ ᠢᠶᠠᠨ ᠤᠢᠢᠷ᠎ᠠ ᠶᠢᠨ ᠵᠢᠯ  ᠤᠨ ᠲᠤᠷᠰᠢᠬᠢ ᠬᠤᠷᠢᠮ ᠪᠡᠯᠪᠡᠰᠦᠷᠡᠯ ᠤᠨ ᠶᠡᠭᠡ ᠶᠠᠪᠤᠳᠠᠯ ᠢ ᠶᠡᠬᠡᠪᠡᠷ ᠬᠢᠬᠦ ᠪᠠ ᠣᠷᠣᠰᠢᠭᠤᠯᠭ᠎ᠠ ᠶᠢᠨ ᠪᠣᠯᠬᠢ ᠪᠦᠳᠦᠭᠦᠯᠢᠭ ᠵᠡᠷᠭᠡ ᠠᠰᠠᠭᠤᠳᠠᠯ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ᠂ ᠠᠷᠭ᠎ᠠ ᠪᠤᠳᠤᠯᠭ᠎ᠠ ᠶᠢ ᠰᠠᠶᠢᠵᠢᠷᠠᠭᠤᠯᠬᠤ ᠶᠢ ᠬᠠᠮᠲᠤᠪᠠᠷ ᠰᠦᠪᠡᠭᠴᠢᠯᠡᠪᠡ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠤᠯᠠᠨ ᠢᠶᠠᠷ ᠢᠶᠠᠨ ᠲᠤᠰ ᠪᠡᠶ᠎ᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠤᠨ ᠦᠵᠡᠯᠲᠡ ᠲᠠᠨᠢᠯᠲᠠ ᠪᠠᠨ ᠢᠳᠡᠪᠬᠢᠲᠡᠢ ᠢᠯᠡᠳᠬᠡᠵᠦ᠂ ᠬᠠᠮᠤᠭ ᠤᠨ ᠭᠤᠶᠤ ᠭᠡᠷ ᠪᠦᠯᠢ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ᠂ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯ ᠳᠤ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃      ᠳᠠᠷᠠᠭᠠᠴᠢ ᠶᠢᠨ ᠠᠯᠬᠤᠮ ᠳᠤ᠂ ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠨᠢ            ︽ᠬᠤᠯᠪᠣᠭ᠎ᠠ︾ ᠦᠰᠦᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠢᠶᠠᠷ ᠭᠠᠷᠳᠠᠬᠤ ᠴᠡᠭ ᠪᠣᠯᠭᠠᠵᠤ᠂ ᠤᠯᠠᠨ ᠬᠡᠯᠪᠡᠷᠢ ᠶᠢᠨ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠬᠥᠮᠥᠵᠢᠭᠦᠯᠵᠦ᠂ ᠬᠠᠭᠤᠴᠢᠨ ᠶᠣᠰᠣ ᠪᠣᠯᠬᠢ ᠵᠠᠩᠰᠢᠯ ᠢ ᠠᠷᠢᠯᠭᠠᠵᠤ᠂       ︽ᠰᠠᠮᠠᠢ ᠰᠤᠮᠤ︾ ᠶᠢᠨ ᠸᠢᠴᠠᠲ ᠤᠨ  ᠲᠠᠪᠴᠠᠩ ᠢ ᠰᠠᠶᠢᠲᠤᠷ ᠠᠰᠢᠭᠯᠠᠨ᠂ ︽ᠬᠡᠪ ᠵᠠᠩᠰᠢᠯ ᠢ ᠥᠭᠡᠷᠡᠴᠢᠯᠡᠬᠦ︾ ᠶᠢᠨ ᠦᠯᠢᠭᠡᠷ ᠳᠠᠭᠤᠷᠢᠶᠠᠯ ᠢ ᠦᠨᠡᠨᠬᠦ ᠪᠠᠳᠠᠷᠠᠭᠤᠯᠵᠤ᠂ ᠡᠮᠡᠭᠲᠡᠶᠢᠴᠦᠳ ᠤᠨ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠳᠤ ᠨᠡᠩ ᠰᠠᠶᠢᠨ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠬᠡᠪ ᠵᠠᠩᠰᠢᠯ ᠢ ᠥᠭᠡᠷᠡᠴᠢᠯᠡᠬᠦ ᠪᠣᠯᠬᠢ ᠳᠠᠳᠬᠠᠯ ᠲᠠᠢ ᠡᠮᠡᠭᠲᠡᠶᠢᠴᠦᠳ ᠤᠷᠢᠳᠠᠪᠠᠷ ᠰᠢᠨ᠎ᠡ ᠰᠤᠷᠲᠠᠯ ᠢ ᠪᠤᠢ ᠪᠣᠯᠭᠠᠬᠤ︾ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠤᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号