ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠠᠷᠪᠠ ᠵᠠᠭᠤ ᠮᠢᠩᠭ᠎ᠠ ᠲᠦᠮᠡ ᠤᠮᠠᠷᠠᠲᠤ ᠬᠢᠵᠠᠭᠠᠷ ᠤᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/7/12
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠲᠥᠭᠡᠨ ᠪᠠᠶᠢᠭᠤᠯᠤᠭᠴᠢ ᠪᠣᠯᠬᠤ ᠰᠠᠨᠠᠭᠠᠴᠢᠯᠠᠭᠴᠢ ᠪᠣᠯᠵᠣ᠂ ᠵᠠᠮᠴᠢᠯᠠᠭᠴᠢ ᠪᠣᠯᠬᠤ ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠪᠣᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠠᠷᠪᠠ ᠵᠠᠭᠤ ᠮᠢᠩᠭ᠎ᠠ ᠲᠦᠮᠡᠨ ᠤᠮᠠᠷᠠᠲᠤ ᠬᠢᠯᠢ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠬᠥᠳᠡᠯᠭᠡᠭᠡᠨ ᠥᠷᠨᠢᠭᠦᠯᠪᠡ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ︾ ᠪᠠᠷ ᠭᠤᠣᠯ ᠰᠡᠳᠦᠪ         ᠪᠣᠯᠭᠠᠵᠤ᠂ ︽ᠠᠷᠪᠠᠨ ᠲᠣᠳᠣᠷᠬᠠᠶᠢᠯᠠᠯᠲᠠ︾᠂ ︽ᠠᠷᠪᠠᠨ ᠳᠦᠷᠪᠡᠨ ᠲᠠᠯ᠎ᠠ ᠶᠢ ᠪᠠᠷᠢᠮᠲᠠᠯᠠᠬᠤ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ︾ ᠵᠡᠷᠭᠡ ᠠᠭᠤᠯᠭ᠎ᠠ ᠶᠢᠨ ᠲᠣᠭᠤᠷᠢᠨ ᠳᠤ᠂ ᠡᠮᠡᠭᠲᠡᠶᠢᠴᠦᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠨᠤᠯ ᠤᠨ ᠣᠨᠴᠠᠯᠢᠭ᠂ ᠰᠢᠨᠵᠢᠯᠡᠬᠦ ᠤᠬᠠᠭᠠᠨ ᠤ ᠰᠢᠰᠲ᠋ᠧᠮ ᠪᠣᠯᠤᠨ ᠠᠤᠭ᠎ᠠ ᠶᠡᠭᠡ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ᠂ ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠪᠣᠯᠤᠨ ᠬᠦᠴᠦᠯᠡᠨ ᠰᠢᠢᠳᠪᠦᠷᠢᠯᠡᠬᠦ ᠠᠰᠠᠭᠤᠳᠠᠯ ᠢ ᠨᠡᠩ ᠰᠠᠶᠢᠲᠤᠷ ᠤᠢᠢᠯᠠᠭᠠᠭᠤᠯᠪᠠ᠃      ᠲᠠᠷᠠᠭᠠᠴᠢ ᠶᠢᠨ ᠠᠯᠬᠤᠮ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠢᠯᠡᠴᠢᠯᠡᠭᠡᠨ ᠤ ᠬᠠᠷᠢᠯᠴᠠᠬᠤ ᠡᠭᠦᠷᠭᠡ ᠴᠢᠳᠠᠪᠬᠢ ᠪᠠᠨ ᠬᠥᠲᠥᠯᠥᠨ ᠳᠠᠭᠠᠭᠤᠯᠬᠤ ᠳᠤ ᠰᠠᠭᠤᠷᠢᠯᠠᠨ᠂ ᠡᠮᠡᠭᠲᠡᠶᠢᠴᠦᠳ ᠤᠨ ᠲᠠᠭᠤᠨ ᠢᠶᠠᠷ ᠨᠠᠮ ᠤᠨ ᠣᠨᠣᠯ ᠪᠠ ᠵᠣᠷᠢᠯᠲᠠ ᠶᠢ ᠥᠷᠭᠡᠨ ᠣᠯᠠᠨ ᠡᠮᠡᠭᠲᠡᠶᠢᠴᠦᠳ ᠤᠨ ᠳᠡᠷᠭᠡᠳᠡ ᠤᠯᠠᠮᠵᠢᠯᠠᠵᠤ᠂ ᠥᠷᠭᠡᠨ ᠣᠯᠠᠨ ᠡᠮᠡᠭᠲᠡᠶᠢᠴᠦᠳ ᠢ ᠳᠠᠭᠠᠭᠤᠯᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠬᠠᠷᠢᠭᠤᠴᠠᠯᠭ᠎ᠠ ᠪᠠ ᠡᠭᠦᠷᠭᠡᠯᠡᠯ ᠢᠶᠠᠷ ᠡᠮᠡᠭᠲᠡᠶᠢᠴᠦᠳ ᠣᠯᠠᠨ ᠲᠦᠮᠡᠨ ᠳᠤ ᠦᠢᠯᠡᠴᠢᠯᠡᠬᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠤᠭ ᠤᠨ ᠭᠤᠶᠣ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠵᠦ᠂ ᠪᠦᠯᠬᠦᠮᠳᠡᠨ ᠲᠡᠮᠡᠴᠡᠭᠰᠡᠨ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠦᠢᠯᠡᠳᠦᠯ ᠢ ᠨᠠᠩ ᠢᠯᠡᠷᠬᠡᠶ ᠪᠣᠯᠭᠠᠵᠤ᠂ ᠡᠮᠡᠭᠲᠡᠶᠢᠴᠦᠳ ᠤᠨ ᠠᠵᠢᠯ ᠳᠤ ᠨᠠᠩ ᠯᠠᠪᠳᠠᠭᠤᠨ ᠪᠠᠲᠤᠲᠠᠶ       ᠦᠢᠯᠡᠴᠢᠯᠡᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号