ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2024 ᠣᠨ ᠤ 《 ᠬᠡᠷᠡᠯ ᠭᠡᠭᠡ ᠶᠢᠨ        ᠠᠶᠠᠯᠠᠯ 》ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/16
      6 ᠰᠠᠷ᠎ᠠ ᠶᠢᠨ 17 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2024 ᠣᠨ ᠤ 《 ᠬᠡᠷᠡᠯ ᠭᠡᠭᠡ ᠶᠢᠨ ᠠᠶᠠᠯᠠᠯ 》ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠪᠦᠯᠬᠦᠮ ᠢ ᠪᠥᠬᠦ ᠬᠤᠰᠢᠭᠤᠨ ᠤ ᠨᠡᠶᠢᠭᠡᠮ ᠲᠣᠭᠤᠷᠢᠭ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠵᠢᠴᠢ ᠰᠤᠮᠤ ᠪᠠᠯᠭᠠᠰᠤᠨ ᠳᠤ ᠳᠠᠭᠠᠭᠤᠯᠤᠨ ᠬᠦᠷᠴᠦ᠂ ᠣᠯᠠᠨ ᠲᠦᠮᠡᠨ ᠢ ᠬᠠᠪᠰᠤᠷᠤᠨ ᠬᠦᠮᠦᠰ ᠤᠨ ᠨᠢᠳᠦᠨ ᠤ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠵᠤ᠂ ᠳᠠᠯᠳᠠ ᠠᠰᠠᠭᠤᠳᠠᠯ ᠢ ᠴᠠᠭ ᠲᠤᠬᠠᠶ ᠳᠤᠨᠢ  ᠢᠯᠡᠷᠡᠭᠦᠯᠦᠨ ᠡᠮᠴᠢᠯᠡᠬᠦ ᠶᠢ ᠵᠤᠷᠢᠵᠠᠢ  ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠪᠣᠯᠤᠨ ᠡᠮᠴᠢᠯᠡᠭᠡᠨ ᠤ ᠪᠦᠯᠬᠦᠮ ᠤᠨ ᠬᠢᠨ  ᠪᠠᠶᠢᠴᠠᠭᠠᠯᠭᠠᠬᠤ ᠪᠠᠷ ᠢᠷᠡᠭᠰᠡᠨ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠴᠤ᠂ ᠲᠡᠳᠡᠨ ᠤ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠥᠷᠭᠡᠨ ᠤᠯᠠᠨ ᠲᠦᠮᠡᠨ ᠳᠤ ᠴᠠᠭ ᠲᠤᠬᠠᠢ ᠳᠤᠨᠢ ᠣᠨᠣᠰᠢᠯᠠᠬᠤ ᠪᠠ ᠡᠮᠨᠡᠨ ᠵᠠᠰᠠᠬᠤ ᠰᠠᠨᠠᠭᠤᠯᠭ᠎ᠠ ᠬᠠᠩᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 223 ᠬᠥᠮᠦᠨ ᠢ ᠰᠢᠭᠰᠢᠨ ᠪᠠᠶᠢᠴᠠᠭᠠᠵᠤ᠂ 34 ᠴᠠᠭᠠᠨ ᠬᠠᠷᠠᠩ ᠡᠪᠡᠳᠴᠢᠲᠡᠨ ᠢ ᠰᠢᠭᠰᠢᠨ ᠪᠠᠶᠢᠴᠠᠭᠠᠨ᠂ ᠡᠴᠦᠰ ᠲᠡᠭᠡᠨ 6 ᠡᠪᠡᠳᠴᠢᠲᠡᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ《 ᠬᠡᠷᠡᠯ ᠭᠡᠭᠡ ᠶᠢᠨ ᠠᠶᠠᠯᠠᠯ 》 ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃  ᠵᠠᠷᠯᠠᠨ ᠨᠡᠶᠢᠲᠡᠯᠡᠭᠰᠡᠨ ᠤ ᠳᠠᠷᠠᠭ᠎ᠠ᠂ ᠰᠢᠯᠢ ᠶᠢᠨ ᠭᠤᠤᠯ ᠠᠶᠢᠮᠠᠭ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠠᠴᠠ ᠲᠣᠰ 6 ᠡᠪᠡᠳᠴᠢᠲᠡᠨ ᠳᠤ ᠰᠦᠶᠳᠬᠡᠯ ᠬᠤᠷᠢᠶᠠᠬᠤ ᠥᠬᠡᠶ ᠪᠠᠷ ᠴᠠᠭᠠᠨ ᠬᠠᠷᠠᠩ ᠤᠨ ᠮᠡᠰᠡ ᠵᠠᠰᠠᠯ ᠬᠢᠵᠦ  ᠦᠭᠬᠦ ᠪᠠᠷ ᠪᠠᠶᠢᠨ᠎ᠠ  ᠃      ᠪᠦᠬᠦ ᠣᠷᠣᠨ ᠤ《 ᠬᠡᠷᠡᠯ ᠬᠡᠬᠡ ᠶᠢᠨ ᠠᠶᠠᠯᠠᠯ 》ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯ ᠡᠷᠡᠭᠦᠯ ᠡᠩᠬᠡ ᠥᠪᠥᠷ ᠮᠣᠩᠭᠤᠯ ᠢ ᠪᠦᠳᠦᠬᠡᠨ ᠪᠠᠶᠢᠭᠤᠯᠬᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠤᠨ᠎ᠠ᠂ ᠲᠡᠷᠡ ᠨᠢ ᠶᠠᠭ ᠬᠡᠷᠡᠯ ᠭᠢᠯᠪᠠᠭ᠎ᠠ‌‍ᠰᠢᠭ‌ᠨᠢᠳᠤᠨ ᠤ ᠵᠣᠪᠠᠭᠤᠷᠢ ᠵᠦᠳᠡᠭᠦᠷᠢ ᠳᠤ ᠲᠤᠯᠭᠠᠷᠠᠵᠤ ᠪᠠᠶᠢᠭ᠎ᠠ ᠬᠥᠮᠦᠰ ᠤᠨ ᠠᠮᠢᠳᠤᠷᠠᠯ ᠢ  ᠭᠡᠷᠡᠯᠲᠤᠭᠦᠯᠦᠭᠰᠡᠨ ᠪᠠᠶᠢᠨ᠎ᠠ᠃ ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠲᠤᠰ ᠣᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠬᠥᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠨᠡᠩ ᠤᠯᠠᠨ ᠤᠯᠠᠨ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号