ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠭᠤᠷᠪᠠᠳᠤᠭᠠᠷ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠱᠠᠭᠠᠷᠳᠠᠨ ᠵᠢᠯᠤᠭᠤᠳᠪᠠ
ᠨᠡᠶᠢᠲᠡᠯᠡᠭᠰᠡᠨ ᠴᠠᠭ᠄
2024/7/16
      6 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠠᠶᠢᠮᠠᠭ ᠤᠨ ᠭᠤᠤᠯᠳᠠᠯᠭ᠎ᠠ ᠲᠠᠢ ᠠᠵᠢᠯ  ᠤᠨ ᠭᠤᠷᠪᠠᠳᠤᠭᠠᠷ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠵᠠᠩ ᠶᠢᠨ ᠮᠢᠩ ᠨᠡᠷ ᠮᠠᠨ ᠤ ᠬᠤᠰᠢᠭᠤᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠪᠠ᠃      ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ  ᠪᠠᠶᠢᠴᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠪᠥᠬᠦ ᠲᠠᠯ᠎ᠠ ᠪᠠᠷ  ᠳᠤᠭᠤᠰᠢᠯᠠᠭᠤᠯᠵᠤ᠂《 ᠲᠠᠪᠤᠨ ᠶᠡᠭᠡ ᠡᠭᠦᠷᠭᠡ 》《 ᠵᠢᠷᠭᠤᠭᠠᠨ ᠢᠨᠵᠧᠨᠧᠷᠢᠩ 》 ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ  ᠃      ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠣᠭᠤᠷᠢᠨ ᠳᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠵᠡᠢ᠃ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠵᠤ᠂ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂《 ᠲᠠᠪᠤᠨ ᠶᠡᠭᠡ ᠡᠭᠦᠷᠭᠡ 》᠂ 《 ᠵᠢᠷᠭᠤᠭᠠᠨ ᠢᠨᠵᠧᠨᠧᠷᠢᠩ 》 ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠡᠵᠡᠮᠳᠡᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯᠯᠠᠭ᠎ᠠ ᠨᠢ《 ᠲᠦᠷᠭᠡᠨ 》᠂ ᠠᠷᠭ᠎ᠠ ᠬᠡᠮᠵᠢᠶ᠎ᠡ ᠨᠢ《 ᠣᠨᠣᠪᠴᠢᠲᠠᠢ 》᠂ ᠦᠷ᠎ᠡ ᠪᠦᠲᠦᠮᠵᠢ ᠨᠢ          《 ᠪᠣᠳᠠᠲᠠᠢ 》 ᠪᠠᠶᠢᠬᠤ ᠶᠢ ᠪᠡᠶᠡᠯᠡᠭᠦᠯᠵᠦ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠡᠢ  ᠃      ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂  ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠢᠯᠴᠢ ᠬᠠᠩᠭᠠᠬᠤ ᠬᠤᠭᠤᠯᠠᠶ ᠲᠣᠤᠷ ᠢ ᠥᠭᠡᠷᠡᠴᠢᠯᠡᠬᠦ ᠲᠥᠷᠥᠯ ᠵᠦᠶᠯ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ ᠳᠤ ᠭᠦᠨᠵᠡᠭᠡᠶᠢᠷᠡᠨ᠂ ᠬᠠᠯᠠᠭᠤᠨ ᠳᠤᠯᠠᠭᠠᠨ ᠢᠨᠵᠧᠨᠧᠷᠢᠩ᠂ ᠦᠨᠡᠨᠴᠢ ᠢᠲᠡᠭᠡᠮᠵᠢᠲᠡᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠨᠢᠭᠡ ᠴᠤᠭᠴᠠᠵᠢᠭᠤᠯᠤᠭᠰᠠᠨ ᠢᠨᠵᠧᠨᠧᠷᠢᠩ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠳᠠᠷᠠᠭ᠎ᠠ ᠨᠢ ᠬᠤᠰᠢᠭᠤ ᠨᠡᠶᠢᠭᠡᠮ  ᠤᠨ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠬᠦ ᠦᠶᠯᠡᠴᠢᠯᠡᠭᠡᠨ ᠤ ᠲᠥᠪ᠂ ᠲᠢᠶᠠᠨ ᠲᠠᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ ᠵᠡᠭᠦᠨ ᠬᠠᠲᠠᠪᠴᠢ ᠪᠣᠭᠤᠮᠲᠠ ᠵᠢᠴᠢ ᠮᠠᠨᠳᠤᠬᠤᠪᠤᠯᠠᠭ ᠭᠠᠴᠠᠭᠠᠨ ᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠲᠤ ᠬᠦᠷᠴᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠯᠳᠦ ᠮᠠᠶ᠋ᠢᠭ ᠤᠨ ᠣᠷᠣᠨ ᠰᠠᠭᠤᠴᠠ ᠶᠢᠨ ᠨᠠᠰᠤᠵᠢᠯ ᠤᠨ ᠠᠰᠠᠷᠠᠮᠵᠢ᠂ ᠮᠠᠯ ᠠᠵᠤ ᠠᠬᠤᠶ ᠪᠠ ᠡᠪᠡᠰᠦ ᠪᠣᠷᠳᠣᠭᠠᠨ ᠤ ᠠᠵᠤ ᠦᠶᠯᠡᠰ ᠤᠨ ᠬᠥᠭᠵᠢᠯᠲᠡ ᠵᠢᠴᠢ ᠭᠤᠤᠯᠳᠠᠯᠭ᠎ᠠ  ᠲᠠᠢ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠨᠠᠷᠢᠨ ᠤᠶᠢᠯᠠᠭᠠᠵᠠᠢ  ᠃      ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠵᠢᠭᠠᠬᠤ ᠳᠠᠭᠠᠨ᠂《 ᠲᠠᠪᠤᠨ ᠶᠡᠭᠡ ᠡᠭᠦᠷᠭᠡ 》ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠠᠭᠠᠭᠠᠯᠭᠠᠭᠰᠠᠨ ᠡᠭᠦᠷᠭᠡ ᠮᠥᠨ᠂《ᠵᠢᠷᠭᠤᠭᠠᠨ ᠢᠨᠵᠧᠨᠧᠷᠢᠩ 》ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠬᠥᠭᠵᠢᠯᠲᠡ ᠶᠢᠨ ᠢᠨᠵᠧᠨᠧᠷᠢᠩ ᠪᠣᠯᠬᠤ ᠪᠥᠭᠡᠳ ᠪᠠᠰᠠ ᠴᠤ ᠤᠯᠤᠰ ᠲᠦᠷᠦ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃《ᠲᠠᠪᠤᠨ ᠶᠡᠭᠡ ᠡᠭᠦᠷᠭᠡ 》᠂ 《ᠵᠢᠷᠭᠤᠭᠠᠨ ᠢᠨᠵᠧᠨᠧᠷᠢᠩ 》 ᠢ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠪᠠᠶᠢᠳᠠᠯ ᠤᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠬᠠᠷᠠᠯᠲᠠ ᠴᠢᠭᠯᠡᠯ ᠢᠶᠠᠨ ᠲᠣᠭᠲᠠᠭᠠᠨ᠂ ᠪᠣᠳᠠᠲᠠᠶ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠪᠣᠳᠠᠲᠤ ᠪᠦᠲᠦᠮᠵᠢᠲᠦ ᠴᠢᠨᠠᠷ᠂ ᠬᠠᠨᠳᠤᠯᠭᠠᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠪᠡ  ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号