ᠮᠠᠨ ᠤ ᠬᠤᠰᠢᠭᠤ ᠠᠶᠤᠯᠭᠦᠶ ᠦᠶᠯᠡᠳᠪᠦᠷᠢᠯᠡᠯ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2024/7/16
      ᠡᠨᠡ ᠵᠢᠯ ᠤᠨ 6 ᠳ᠋ᠤᠭᠠᠷ ᠰᠠᠷ᠎ᠠ ᠪᠣᠯ ᠪᠦᠬᠦ ᠤᠯᠤᠰ ᠤᠨ 23 ᠳᠠᠬᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠠᠶᠢᠵᠤ᠂ ᠭᠤᠣᠯ ᠰᠡᠳᠦᠪ ᠨᠢ  ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ᠂ ᠠᠮᠢ ᠨᠠᠰᠤᠨ ᠤ ᠵᠠᠮ ᠢ ᠰᠢᠯᠤᠭᠤᠳᠬᠠᠬᠤ︾ ᠪᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 19  ᠤ ᠡᠳᠦᠷ᠂  ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ《ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠬᠤᠨᠳᠠᠭᠠᠲᠤ 》ᠭᠤᠤᠯ ᠰᠡᠳᠦᠪᠲᠦ ᠶᠠᠷᠢᠶ᠎ᠠ ᠢᠯᠡᠳᠬᠡᠯ  ᠤᠨ ᠤᠷᠤᠯᠳᠤᠭᠠᠨ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ  ᠶᠠᠪᠤᠭᠳᠠᠵᠠᠢ᠃      ᠤᠷᠤᠯᠳᠤᠭᠠᠨ ᠳᠤ᠂ ᠪᠦᠬᠦ ᠬᠤᠰᠢᠭᠤᠨ ᠤ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠤᠷᠤᠯᠳᠤᠭᠠᠨ ᠳᠤ ᠣᠷᠣᠯᠴᠠᠭᠰᠠᠳ ᠠᠴᠠ ᠠᠮᠢᠳᠤᠯᠢᠭ ᠭᠦᠨᠵᠡᠭᠡᠢ ᠬᠡᠷᠡᠭ ᠤᠨ ᠵᠢᠱᠢᠶ᠎ᠡ ᠪᠠᠷ᠂《 ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ᠂ ᠠᠮᠢ ᠨᠠᠰᠤᠨ ᠤ ᠵᠠᠮ ᠢ ᠰᠢᠯᠤᠭᠤᠳᠬᠠᠬᠤ 》ᠭᠤᠣᠯ ᠰᠡᠳᠦᠪ ᠤᠨ ᠲᠣᠭᠤᠷᠢᠨ ᠳᠤ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠳᠠᠪᠬᠤᠷᠭ᠎ᠠ ᠠᠴᠠ ᠠᠮᠤᠷ ᠲᠦᠪᠰᠢᠨ ᠤ ᠠᠳᠡᠯ ᠠᠴᠠ ᠪᠣᠯᠤᠭᠰᠠᠨ ᠬᠤᠣᠷ ᠬᠥᠨᠥᠭᠡᠯ ᠢ ᠶᠠᠷᠢᠵᠤ᠂《 ᠠᠶᠤᠯᠭᠦᠢ ᠦᠢᠯᠡᠳᠪᠦᠷᠢᠯᠡᠯ᠂ ᠠᠮᠢ ᠨᠠᠰᠤ ᠶᠢ ᠳᠡᠭᠡᠳᠦᠯᠡᠬᠦ 》 ᠶᠢᠨ ᠠᠴᠢ ᠬᠤᠯᠪᠣᠭᠳᠠᠯ ᠪᠠ ᠴᠢᠬᠤᠯᠠ ᠴᠢᠨᠠᠷ ᠢ ᠠᠮᠢᠳᠤᠯᠢᠭ ᠦᠭᠡ ᠶᠠᠷᠢᠶ᠎ᠠ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠭᠦᠨᠵᠡᠭᠡᠢ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠰᠡᠳᠬᠢᠯ ᠵᠢᠷᠦᠬᠡ ᠶᠢ ᠳᠣᠭᠳᠣᠯᠤᠭᠤᠯᠤᠭᠰᠠᠨ᠂ ᠰᠡᠳᠬᠢᠯ ᠵᠢᠷᠦᠬᠡᠨ ᠳᠤ ᠭᠦᠨ ᠬᠠᠳᠠᠩᠰᠢᠭᠰᠠᠨ ᠠᠮᠤᠷ ᠲᠦᠪᠰᠢᠨ ᠤ ᠶᠠᠷᠢᠶ᠎ᠠ ᠢᠯᠡᠳᠬᠡᠯ  ᠬᠢᠵᠡᠢ  ᠃      ᠤᠷᠤᠯᠳᠤᠭᠠᠨ ᠨᠢ ᠶᠡᠷᠦᠩᠬᠡᠶ ᠬᠤᠪᠢ ᠲᠣᠭᠲᠠᠭᠠᠬᠤ ᠪᠠᠷ ᠳᠠᠮᠵᠢᠨ᠂ ᠨᠢᠭᠡᠳᠦᠭᠡᠷ ᠳᠡᠰ ᠤᠨ ᠱᠠᠩᠨᠠᠯ ᠨᠢᠭᠡ ᠨᠡᠷ᠎ᠡ᠂ ᠬᠤᠶᠠᠳᠤᠭᠠᠷ ᠳᠡᠰ ᠤᠨ ᠱᠠᠩᠨᠠᠯ ᠬᠤᠶᠠᠷ ᠨᠡᠷ᠎ᠡ᠂ ᠭᠤᠷᠪᠠᠳᠤᠭᠠᠷ ᠳᠡᠰ ᠤᠨ ᠱᠠᠩᠨᠠᠯ ᠭᠤᠷᠪᠠᠨ ᠨᠡᠷ᠎ᠡ ᠶᠢ ᠰᠢᠯᠭᠠᠷᠠᠭᠤᠯᠵᠤ᠂ ᠱᠠᠩᠨᠠᠯ ᠤᠯᠤᠭᠰᠠᠳ ᠲᠤ ᠦᠨᠡᠮᠯᠡᠯ ᠪᠠ ᠱᠠᠩᠨᠠᠯ ᠭᠠᠷᠳᠠᠭᠤᠯᠪᠠ  ᠃      ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ《 ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ》ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠥᠬᠦ ᠬᠤᠰᠢᠭᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号