ᠡᠵᠢᠨᠠᠭᠤᠷ ᠪᠠᠯᠭᠠᠰᠤᠨ ᠤ ᠰᠠᠶᠢᠬᠤᠰᠣ ᠭᠠᠴᠠᠭᠠᠨ ᠤ ᠨᠠᠮ ᠤᠨ ᠡᠭᠦᠷ ᠨᠢ ︽ᠳᠣᠯᠣᠭᠠᠨ ᠰᠠᠷ᠎ᠠ ᠶᠢᠨ ᠨᠢᠭᠡᠨ  ᠢ ᠤᠭᠲᠤᠵᠤ ᠨᠠᠮ ᠪᠠᠶᠢᠭᠤᠯᠤᠭᠳᠠᠭᠰᠠᠨ ᠢ ᠪᠡᠯᠭᠡᠯᠡᠬᠦ︾ ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠳᠦᠮᠵᠢ ᠶᠢ ᠪᠠᠳᠤᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ ᠂ 2024 ᠣᠨ ᠤ 6 ᠰᠠᠷ᠎ᠠ ᠶᠢᠨ 29 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠰᠠᠶᠢᠬᠤᠰᠣ ᠭᠠᠴᠠᠭᠠᠨ ᠤ ᠨᠠᠮ ᠤᠨ ᠡᠭᠦᠷ ᠨᠢ ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠪᠠᠶᠢᠭᠤᠯᠤᠭᠳᠠᠭᠰᠠᠨ ᠢ ᠪᠡᠯᠭᠡᠯᠡᠬᠦ︾  ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ᠃      ᠤᠯᠤᠰ ᠤᠨ ᠲᠤᠭ ᠮᠠᠨᠳᠤᠭᠤᠯᠬᠤ ᠶᠣᠰᠤᠯᠠᠯ      ᠪᠦᠬᠦ ᠨᠠᠮ ᠤᠨ ᠭᠡᠰᠢᠭᠦᠳ ᠨᠢ ᠤᠯᠤᠰ ᠤᠨ ᠲᠤᠬ ᠮᠠᠨᠳᠤᠭᠤᠯᠬᠤ ᠶᠣᠰᠣᠯᠠᠯ ᠶᠠᠪᠤᠭᠤᠯᠵᠤ᠂ ︽ᠲᠤᠯᠤᠭᠠᠨ ᠰᠠᠷ᠎ᠠ ᠶᠢᠨ ᠨᠢᠭᠡᠨ︾ ᠢ ᠤᠭᠳᠤᠵᠤ᠂ ᠡᠭᠡ‌ᠤᠯᠤᠰ ᠲᠠᠭᠠᠨ ᠬᠢᠵᠠᠭᠠᠯᠠᠰᠢ ᠤᠢᠭᠡᠢ ᠦᠨᠡᠨᠴᠢ ᠰᠢᠳᠤᠷᠭᠤ ᠪᠠᠶᠢᠬᠤ ᠪᠠᠨ ᠢᠯᠡᠳᠬᠡᠵᠡᠶ᠃     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ       ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠣᠷᠢᠭᠲᠤ ᠪᠠᠭᠰᠢ ᠶᠢ ᠤᠷᠢᠵᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠤᠬᠤ᠂ ᠭᠠᠴᠠᠭᠠᠨ ᠤ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠤᠬᠤ ᠵᠡᠷᠭᠡ ᠬᠡᠯᠪᠡᠷᠢ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠪᠠ᠃ ᠬᠤᠷᠠᠯ ᠠᠴᠠ᠂ ᠨᠠᠮ ᠤᠨ ᠭᠡᠰᠢᠭᠦᠳ ᠢ ︽ᠲᠦᠷᠢᠮ︾ ᠤᠨ ᠡᠯ᠎ᠡ ᠲᠣᠭᠲᠠᠭᠠᠯ ᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠢᠲᠡᠭᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠰᠠᠬᠢᠬᠤ ᠬᠡᠷᠡᠭᠲᠡᠢ ᠭᠡᠵᠦ ᠱᠠᠭᠠᠷᠳᠠᠪᠠ᠃            ᠬᠠᠪᠰᠤᠷᠤᠨ ᠲᠡᠳᠬᠦᠬᠦ ᠠᠵᠢᠯᠯᠠᠭ᠎ᠠ       ︽ᠬᠠᠮᠲᠤ ᠪᠠᠷ ᠬᠥᠳᠡᠯᠦᠯᠴᠡᠨ᠂ ᠰᠤᠷᠤᠯᠭ᠎ᠠ ᠶᠢ ᠳᠡᠳᠭᠦᠵᠦ᠂ ᠬᠥᠳᠡᠭᠡ ᠲᠣᠰᠬᠤᠨ ᠢ ᠬᠦᠭᠵᠢᠭᠦᠯᠬᠦ ᠳᠤ ᠴᠢᠳᠠᠪᠤᠷᠢᠲᠠᠨ ᠬᠠᠩᠭᠠᠶ᠎ᠠ︾ ᠰᠤᠷᠤᠯᠭ᠎ᠠ ᠶᠢᠨ   ᠳᠡᠳᠬᠡᠬᠦ ᠠᠵᠢᠯᠯᠠᠭ᠎ᠠ‌‍ᠶᠠᠪᠤᠭᠳᠠᠭᠤᠯᠵᠤ᠂ ᠬᠦᠨᠳᠦ ᠡᠪᠡᠳᠴᠢᠲᠡᠨ᠂ ᠵᠡᠮᠳᠡᠭᠴᠦᠳ ᠤᠨ ᠭᠡᠷ ᠪᠦᠯᠢ ᠶᠢᠨ ᠬᠡᠦᠬᠡᠳ ᠢ ᠪᠣᠯᠭᠤᠭᠠᠨ ᠲᠣᠬᠤᠨᠢᠭᠤᠯᠵᠤ ᠬᠠᠪᠰᠤᠷᠤᠨ ᠳᠡᠳᠬᠦᠪᠡ᠃ ᠳᠠᠷᠠᠭᠠᠴᠢ ᠶᠢᠨ ᠠᠯᠬᠤᠮ ᠳᠤ᠂ ᠭᠠᠴᠠᠭᠠᠨ ᠤ ᠨᠠᠮ ᠤᠨ ᠡᠭᠦᠷ ᠨᠢ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠭᠦᠢᠴᠡᠳᠭᠡᠵᠦ᠂ ᠨᠡᠩ ᠤᠯᠠᠨ ᠪᠠᠭᠠᠴᠤᠳ ᠬᠡᠦᠬᠡᠳ ᠢ ᠬᠠᠪᠰᠤᠷᠤᠨ ᠲᠡᠮᠵᠢᠵᠦ᠂ ᠬᠠᠮᠲᠤᠪᠠᠷ ᠬᠥᠳᠡᠯᠦᠯᠴᠡᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ  ᠪᠠᠶᠢᠭᠤᠯᠬᠤ ᠪᠠᠷ ᠴᠢᠷᠮᠠᠶᠢᠨ᠎ᠠ᠃      ᠰᠢᠯᠢᠳᠡᠭ ᠨᠠᠮ ᠤᠨ ᠭᠡᠰᠢᠭᠦᠨ ᠢ ᠰᠢᠯᠭᠠᠷᠠᠭᠤᠯᠬᠤ ᠠᠵᠢᠯᠯᠠᠭ᠎ᠠ      ᠪᠦᠬᠦ ᠭᠠᠴᠠᠭᠠᠨ ᠤ ᠮᠠᠯᠴᠢᠨ ᠨᠠᠮ ᠤᠨ ᠭᠡᠰᠢᠭᠦᠨ ᠠᠴᠠ 3 ᠨᠠᠷ᠎ᠡ ᠰᠢᠯᠢᠳᠡᠭ ᠨᠠᠮ ᠤᠨ ᠭᠡᠰᠢᠭᠦᠨ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠠᠵᠢᠯ ᠠᠮᠢᠳᠤᠷᠠᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠪᠣᠶᠤ ᠨᠠᠮ ᠤᠨ ᠡᠭᠦᠷ ᠤᠨ ᠰᠤᠷᠤᠯᠴᠠᠯᠭ᠎ᠠ᠂ ᠠᠵᠢᠯᠯᠠᠭ᠎ᠠ ᠳᠤᠮᠳᠠ ᠳᠤᠪᠤᠶᠢᠮ᠎ᠠ ᠢᠯᠡᠷᠡᠯ ᠲᠠᠢ ᠨᠠᠮ ᠤᠨ ᠭᠡᠰᠢᠭᠦᠨ ᠢ ᠬᠥᠬᠢᠭᠦᠯᠦᠨ ᠱᠠᠩᠨᠠᠵᠤ᠂ ᠪᠦᠬᠦ ᠨᠠᠮ ᠤᠨ ᠭᠡᠰᠢᠭᠦᠨ ᠢ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠤᠨ ᠳᠤᠮᠳᠠ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠤᠷᠢᠶᠠᠯᠠᠪᠠ᠃      ᠶᠠᠷᠢᠯᠴᠠᠭᠠᠨ ᠤ ᠬᠤᠷᠠᠯ      ᠨᠠᠮ ᠤᠨ ᠭᠡᠰᠢᠭᠦᠳ ᠨᠢ ᠲᠤᠰ ᠪᠡᠶ᠎ᠡ ᠶᠢᠨ ᠠᠵᠢᠯ ᠠᠮᠢᠳᠤᠷᠠᠯ ᠳᠠᠭᠠᠨ ᠰᠠᠭᠤᠷᠢᠯᠠᠨ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ᠂ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠬᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠶᠢᠨ ᠲᠣᠭᠤᠷᠢᠨ ᠳᠤ ᠪᠤᠳᠤᠭᠰᠠᠨ ᠰᠠᠨᠠᠭᠰᠠᠨ ᠢᠶᠠᠨ ᠶᠠᠷᠢᠯᠴᠠᠵᠤ᠂ ᠰᠠᠨᠠᠯ ᠵᠥᠪᠯᠡᠯᠭᠡ ᠪᠠᠨ ᠳᠤᠷᠠᠳᠴᠤ᠂ ᠰᠤᠷᠤᠯᠴᠠᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠥᠪᠡᠷ ᠤᠨ ᠬᠦᠴᠦᠨ ᠢᠶᠠᠷ ᠢᠶᠠᠨ ᠳᠡᠷᠭᠡᠳᠡᠬᠢ ᠨᠠᠮ ᠤᠨ ᠭᠡᠰᠢᠭᠦᠨ ᠪᠠ ᠤᠯᠠᠨ ᠲᠦᠮᠡᠨ ᠢ ᠨᠥᠯᠥᠭᠡᠯᠡᠨ ᠲᠠᠶᠢᠴᠢᠯᠠᠨ᠎ᠠ ᠭᠡᠵᠦ  ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号