ᠮᠠᠨᠳᠤᠬᠤᠪᠤᠯᠠᠭ ᠪᠠᠯᠭᠠᠰᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾  ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
      ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠣᠨ᠎ᠠ᠃ ᠮᠠᠨᠳᠤᠬᠤᠪᠤᠯᠠᠭ ᠪᠠᠯᠭᠠᠰᠤ ᠳᠡᠭᠡᠳᠦ ᠱᠠᠲᠤᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠬᠥᠮᠥᠨ ᠪᠥᠬᠦᠨ ᠠᠮᠤᠷ ᠲᠦᠪᠰᠢᠨ ᠢ ᠡᠷᠬᠢᠮᠯᠡᠵᠦ᠂ ᠪᠠᠴᠢᠮ ᠪᠠᠶᠢᠳᠠᠯ ᠢ ᠠᠷᠭᠠᠴᠠᠬᠤ︱ ᠠᠮᠢ ᠨᠠᠰᠤᠨ ᠤ ᠵᠠᠮ ᠢ ᠨᠡᠪᠲᠡᠷᠡᠭᠦᠯᠬᠦ︾ ᠭᠤᠣᠯ ᠰᠡᠳᠦᠪ ᠤᠨ ᠲᠣᠭᠤᠷᠢᠨ ᠳᠤ᠂ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠭᠦᠨ ᠵᠤᠵᠠᠭᠠᠨ ᠠᠮᠤᠷ ᠲᠦᠪᠰᠢᠨ ᠤ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠪᠠ᠃     ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠤᠨ᠂ ᠠᠶᠤᠯᠭᠦᠢ ᠦᠢᠯᠡᠳᠪᠦᠷᠢᠯᠡᠯ ᠤᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠪᠡ      2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠬᠡᠷᠡᠭᠵᠢᠭᠦᠯᠬᠦ ᠶᠢᠨ ᠲᠥᠯᠥᠭᠡ᠂ ᠮᠠᠨᠳᠤᠬᠤᠪᠤᠯᠠᠭ ᠪᠠᠯᠭᠠᠰᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠠᠮᠢᠶ᠎ᠠ ᠪᠦᠬᠦᠢ ᠠᠵᠢᠯ ᠳᠤ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠨᠡᠬᠦ ᠠᠵᠢᠯᠯᠠᠭ᠎ᠠ ᠶᠢᠨ ᠰᠠᠷ᠎ᠠ ᠶᠢᠨ ᠲᠣᠬᠢᠶᠠᠯ ᠢ ᠠᠰᠢᠭᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠤᠷᠢᠳᠴᠢᠯᠠᠨ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ︽ᠭᠤᠣᠯ ᠰᠠᠭᠤᠷᠢᠨ ᠭᠠᠵᠠᠷ︾ ᠢ ᠰᠠᠶᠢᠲᠤᠷ ᠰᠠᠬᠢᠪᠠ      ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ᠂ ᠡᠩ ᠤᠨ ᠴᠠᠭ ᠲᠠᠭᠠᠨ ᠬᠦᠴᠦ ᠣᠷᠤᠭᠤᠯᠤᠨ᠂ ᠭᠡᠮ ᠰᠣᠭᠤᠭ ᠢ ᠡᠬᠢᠨ ᠤ ᠬᠤᠭᠤᠴᠠᠭᠠᠨ ᠳᠤ ᠠᠷᠢᠯᠭᠠᠬᠤ ᠬᠡᠷᠡᠭᠲᠡᠢ᠃ ᠮᠠᠨᠳᠤᠬᠤᠪᠤᠯᠠᠭ ᠪᠠᠯᠭᠠᠰᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠴᠠᠭ ᠢᠮᠠᠭᠲᠠ ︽ᠠᠮᠤᠷ ᠲᠦᠪᠰᠢᠨ ᠤ ᠬᠥᠪᠴᠢ︾ ᠶᠢ ᠴᠢᠩᠭᠠᠷᠠᠭᠤᠯᠤᠨ᠂ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠬᠢ ᠴᠣᠭᠴᠠᠯᠠᠵᠤ᠂ ︽ᠭᠤᠣᠯ ᠰᠠᠭᠤᠷᠢᠨ ᠭᠠᠵᠠᠷ︾ ᠢ ᠰᠠᠶᠢᠲᠤᠷ ᠰᠠᠬᠢᠪᠠ᠃      ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠶᠡᠭᠡ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠤᠨ ᠤ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠵᠢᠭᠰᠠᠭᠠᠨ ᠪᠠᠶᠢᠴᠠᠭᠠᠯᠲᠠ ᠬᠢᠵᠦ᠂ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠪᠠ᠃      ᠠᠷᠤ ᠬᠠᠳᠠ ᠠᠭᠤᠷᠬᠠᠢ᠂ ᠰᠢᠯᠢᠨ ᠠᠭᠤᠷᠬᠠᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ︽ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ︽ᠬᠡᠷᠡᠭ ᠢᠶᠠᠷ ᠰᠤᠷᠭᠠᠨ ᠬᠥᠮᠦᠵᠢᠯ ᠢ ᠠᠬᠢᠭᠤᠯᠤᠭᠰᠠᠨ︾ ᠬᠡᠷᠡᠭ ᠤᠨ ᠵᠢᠱᠢᠶ᠎ᠡ ᠪᠠᠷ ᠲᠠᠮᠵᠢᠨ ᠠᠵᠤ ᠠᠬᠤᠶᠢᠯᠠᠯ ᠤᠨ ᠠᠵᠢᠯᠲᠠᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠵᠢᠴᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠴᠦ᠂ ᠲᠡᠳᠡᠨ ᠢ ᠬᠠᠪᠰᠤᠷᠤᠨ ᠭᠠᠯ ᠤᠨ ᠭᠠᠮᠰᠢᠭ ᠤᠨ ᠠᠳᠡᠯ ᠭᠠᠷᠬᠤ ᠦᠶ᠎ᠡ ᠶᠢᠨ ᠲᠦᠷᠭᠡᠨ ᠲᠠᠷᠬᠠᠭᠠᠬᠤ ᠲᠡᠰ ᠳᠠᠷᠠᠭᠠᠯᠠᠯ ᠪᠣᠯᠣᠨ ᠵᠠᠮ ᠱᠤᠭᠤᠮ ᠢ ᠣᠶᠢᠯᠠᠭᠠᠭᠤᠯᠵᠠᠢ᠃     ᠴᠠᠬᠢᠯᠭᠠᠨ ᠴᠡᠨᠡᠭᠯᠡᠵᠦ ᠡᠨᠧᠷᠭᠢ ᠬᠠᠳᠠᠭᠠᠯᠠᠵᠤ᠂ ᠳᠣᠲᠣᠷ ᠲᠠᠮᠢᠷ ᠢᠶᠠᠨ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ︽ᠡᠵᠡᠨ ᠬᠥᠮᠥᠨ︾ ᠢ ᠰᠠᠶᠢᠲᠤᠷ ᠬᠢᠪᠡ      ᠠᠶᠤᠯᠭᠦᠢ ᠦᠢᠯᠡᠳᠪᠦᠷᠢᠯᠡᠯ ᠳᠤ ᠬᠥᠮᠥᠨ ᠪᠦᠬᠦᠨ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ ᠮᠠᠨᠳᠤᠬᠤᠪᠤᠯᠠᠭ ᠪᠠᠯᠭᠠᠰᠤ ᠪᠦᠬᠦ ᠠᠵᠢᠯᠲᠠᠳ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠴᠠᠭ ᠢᠮᠠᠭᠲᠠ ᠠᠮᠤᠷ ᠲᠦᠪᠰᠢᠨ ᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠲᠤᠰᠬᠠᠢ ᠰᠡᠳᠦᠪᠲᠦ ᠬᠤᠷᠠᠯ᠂ ᠲᠥᠪᠯᠡᠷᠡᠭᠦᠯᠦᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ︽ᠠᠮᠢ ᠨᠠᠰᠤ ᠲᠠᠶᠢᠱᠠᠨ ᠠᠭᠤᠯᠠ ᠠᠴᠠ ᠴᠢᠬᠤᠯᠠ︾ ᠵᠡᠷᠭᠡ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠺᠠᠳ᠋ᠷ ᠠᠵᠢᠯᠲᠡᠳ ᠢ ᠤᠯᠠᠮ ᠴᠢᠨᠠᠭᠰᠢᠳᠠ ᠬᠥᠮᠥᠵᠢᠭᠦᠯᠦᠨ ᠬᠥᠲᠥᠯᠥᠨ ᠵᠢᠯᠤᠭᠤᠳᠴᠤ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠪᠠ᠃      ᠬᠡᠯᠪᠡᠷᠢ ᠶᠢ ᠪᠠᠶᠠᠯᠢᠭᠵᠢᠭᠤᠯᠵᠤ᠂ ᠥᠷᠭᠡᠨ ᠢᠶᠠᠷ ᠳᠠᠶᠢᠴᠢᠯᠠᠨ᠂ ᠠᠶᠤᠯᠭᠦᠢ ᠦᠢᠯᠡᠳᠪᠦᠷᠢᠯᠡᠯ ᠤᠨ ︽ᠭᠤᠣᠯ ᠬᠥᠭ ᠠᠶᠠᠰ︾ ᠢ ᠬᠥᠩᠭᠢᠨᠡᠭᠦᠯᠪᠡ      ᠠᠮᠤᠷ ᠲᠦᠪᠰᠢᠨ ᠤ ᠮᠡᠳᠡᠯᠭᠡ ᠶᠢ ᠤᠯᠠᠨ ᠲᠦᠮᠡᠨ ᠤ ᠳᠡᠷᠭᠡᠳᠡ ᠬᠦᠷᠭᠡᠬᠦ ᠳᠤ᠂ ᠪᠠᠰᠠ ᠠᠮᠤᠷ ᠲᠦᠪᠰᠢᠨ ᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠮᠠᠨᠳᠤᠬᠤᠪᠤᠯᠠᠭ ᠪᠠᠯᠭᠠᠰᠤ ᠠᠮᠤᠷ ᠲᠦᠪᠰᠢᠨ ᠤ ᠲᠠᠪᠤ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠳᠤ ᠭᠦᠨᠵᠡᠭᠡᠶᠢᠷᠡᠨ᠂ ᠥᠷᠭᠡᠨ ᠤᠯᠠᠨ ᠲᠦᠮᠡᠨ ᠳᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠭᠠᠷ ᠳᠡᠪᠲᠡᠷ ᠲᠠᠷᠬᠠᠭᠠᠨ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号