ᠭᠠᠬᠢᠯ ᠰᠤᠮᠤ ᠶᠢᠨ ᠪᠠᠶᠠᠩᠭᠤᠤᠯ ᠭᠠᠴᠠᠭ᠎ᠠ ᠶᠢᠨ ᠪᠤᠷᠳᠤᠭ᠎ᠠ ᠪᠣᠯᠪᠠᠰᠤᠷᠠᠭᠤᠯᠬᠤ ᠲᠥᠷᠥᠯ ᠵᠦᠢᠯ  ᠤᠨ ᠪᠠᠷᠢᠯᠭ᠎ᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/7/16
      6 ᠰᠠᠷ᠎ᠠ ᠶᠢᠨ 30 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ  ᠰᠤᠮᠤᠨ ᠤ ᠪᠠᠶᠠᠩᠭᠤᠤᠯ ᠭᠠᠴᠠᠭᠠᠨ ᠤ ᠪᠤᠷᠳᠤᠭ᠎ᠠ ᠪᠣᠯᠪᠠᠰᠤᠷᠠᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ᠂ ᠰᠤᠮᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠪᠠᠶᠠᠩᠭᠤᠣᠯ ᠭᠠᠴᠠᠭᠠᠨ ᠤ ᠬᠤᠶᠠᠷ ᠵᠥᠪᠯᠡᠯ ᠤᠨ ᠬᠡᠰᠢᠭᠦᠳ᠂ ᠪᠠᠷᠢᠯᠭ᠎ᠠ ᠶᠢᠨ ᠨᠢᠭᠡᠴᠡ ᠪᠠ ᠬᠢᠨᠠᠨ ᠬᠠᠮᠢᠶᠠᠷᠤᠯᠲᠠ ᠶᠢᠨ ᠬᠦᠮᠤᠰ ᠶᠣᠰᠣᠯᠠᠯ ᠳᠤ ᠤᠷᠤᠯᠴᠠᠪᠠ᠃      ᠭᠠᠬᠢᠯ ᠰᠤᠮᠤᠨ ᠤ ᠪᠠᠶᠠᠩᠭᠤᠤᠯ ᠭᠠᠴᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠦᠨᠳᠦᠰᠦᠨ ᠱᠠᠲᠤ ᠶᠢ ᠠᠳᠬᠤᠬᠤ᠂ ᠰᠠᠭᠤᠷᠢ ᠲᠠᠯᠪᠢᠬᠤ ᠴᠢᠬᠤᠯᠠ ᠭᠠᠷᠳᠠᠴᠠ ᠪᠣᠯᠭᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠵᠤ ᠦᠢᠯᠡᠰ  ᠤᠨ ᠳᠡᠮᠵᠢᠯᠭᠡ ᠶᠢᠨ ᠲᠦᠷᠦᠯ ᠵᠦᠢᠯ ᠢ ᠢᠳᠡᠪᠬᠢᠲᠡᠢ ᠪᠠᠷ ᠴᠢᠷᠮᠠᠶᠢᠨ ᠤᠯᠤᠭᠰᠠᠨ ᠪᠠᠶᠢᠨ᠎ᠠ᠃ ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ  ᠨᠢ 270 ᠲᠦᠮᠡᠨ ᠲᠥᠭᠦᠷᠢᠭ ᠪᠠᠶᠢᠵᠤ᠂ 1000m²  ᠪᠦᠬᠦᠢ ᠪᠤᠷᠳᠤᠭ᠎ᠠ ᠪᠤᠯᠪᠠᠰᠤᠷᠠᠭᠤᠯᠬᠤ ᠬᠦᠮᠤᠷᠭᠡ᠂ 50 ᠪᠣᠰᠤᠭ᠎ᠠ ᠳᠥᠷᠪᠡᠯᠵᠢᠨ ᠮᠧᠲᠷ ᠤᠨ ᠬᠤᠳᠬᠤᠭᠤᠷ ᠮᠠᠰᠢᠨ 1 ᠰᠠᠦᠷᠢ᠂ 500 ᠺᠢᠯᠣᠭ᠍ᠷᠠᠮ ᠤᠨ ᠪᠣᠭᠤᠵᠢᠯᠠᠬᠤ ᠮᠠᠰᠢᠨ 1 ᠰᠠᠦᠷᠢ᠂ 100 ᠵᠢᠩ ᠤᠨ ᠪᠣᠭᠤᠵᠢᠯᠠᠬᠤ ᠮᠠᠰᠢᠨ 4 ᠰᠠᠦᠷᠢ᠂ ᠳᠠᠮᠵᠢᠭᠤᠯᠬᠤ ᠪᠦᠰᠡ 7᠂ ᠤᠳᠬᠤᠭᠤᠷ ᠮᠠᠰᠢᠨ 1 ᠰᠠᠦᠷᠢ᠂ 30 ᠳ᠋ᠤᠭᠠᠷ ᠬᠡᠯᠪᠡᠷᠢ ᠶᠢᠨ ᠬᠤᠰᠤᠭᠤᠷ ᠮᠠᠰᠢᠨ 1 ᠰᠠᠥᠷᠢ ᠵᠢᠴᠢ ᠬᠤᠯᠪᠣᠭᠳᠠᠯ ᠪᠦᠬᠦᠢ ᠳᠠᠭᠠᠯᠲᠠ ᠲᠥᠬᠦᠭᠡᠷᠦᠮᠵᠢ ᠪᠠᠶᠢᠵᠤ᠂ ᠲᠦᠷᠦᠯ ᠵᠦᠢᠯ ᠠᠰᠢᠭᠯᠠᠯᠲᠠ ᠳᠤ ᠤᠷᠤᠭᠰᠠᠨ ᠳᠠᠷᠠᠭ᠎ᠠ᠂ ᠭᠤᠣᠯᠳᠠᠭᠤ ᠨᠣᠭᠤᠭᠠᠨ ᠲᠠᠷᠤᠰᠢ᠂ ᠡᠰᠢ ᠰᠦᠷᠡᠯ᠂ ᠪᠠᠶᠢᠭᠠᠯᠢᠯᠢᠭ ᠲᠡᠵᠢᠭᠡᠯ ᠡᠪᠡᠰᠦ᠂ ᠨᠠᠷᠢᠯᠢᠭ ᠪᠣᠷᠳᠤᠭ᠎ᠠ ᠵᠡᠷᠭᠡ ᠶᠢ ᠡᠳ᠋ᠰᠢᠭᠦᠯᠵᠦ᠂ ᠮᠠᠯᠴᠢᠨ ᠲᠦᠮᠡᠨ ᠳᠤ ᠴᠢᠨᠠᠷ ᠰᠠᠶᠢᠲᠠᠢ ᠬᠤᠯᠢᠮᠠᠭ ᠪᠤᠷᠳᠤᠭ᠎ᠠ ᠶᠢ ᠬᠠᠩᠭᠠᠨ᠎ᠠ᠃      ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠤᠨ ᠤᠷᠤᠬᠰᠢᠲᠠᠢ ᠶᠠᠪᠤᠭᠳᠠᠭᠰᠠᠨ ᠨᠢ᠂ ᠪᠠᠶᠠᠩᠭᠤᠤᠯ ᠭᠠᠴᠠᠭᠠᠨ ᠤ ᠪᠤᠷᠳᠤᠭ᠎ᠠ ᠪᠤᠯᠪᠠᠰᠤᠷᠠᠭᠤᠯᠬᠤ ᠲᠦᠷᠦᠯ ᠵᠦᠢᠯ ᠤᠨ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠂ ᠭᠠᠬᠢᠯ ᠰᠤᠮᠤ ᠨᠢ ᠬᠤᠯᠪᠣᠭᠳᠠᠯ ᠪᠦᠬᠦᠢ ᠨᠢᠭᠡᠴᠡ ᠲᠠᠢ ᠢᠳᠡᠪᠬᠢᠲᠡᠢ ᠬᠠᠮᠵᠢᠯᠴᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠤᠷᠢᠳᠴᠢᠯᠠᠨ ᠲᠦᠯᠦᠪᠯᠡᠨ ᠲᠣᠭᠲᠠᠭᠰᠠᠨ ᠴᠠᠭ ᠲᠠᠭᠠᠨ ᠠᠰᠢᠭᠯᠠᠯᠲᠠ ᠳᠤ ᠣᠷᠣᠭᠤᠯᠵᠤ᠂ ᠪᠤᠷᠳᠤᠭ᠎ᠠ ᠪᠤᠯᠪᠠᠰᠤᠷᠠᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠪᠠ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠠᠷ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号