ᠭᠠᠬᠢᠯ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
      7 ᠰᠠᠷ᠎ᠠ ᠶᠢᠨ 3  ᠤ ᠡᠳᠦᠷ᠂ ᠭᠠᠬᠢᠯ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ  ᠶᠢᠨ ᠭᠤᠤᠯᠯᠠᠬᠤ ᠳᠤᠭᠤᠶᠢᠯᠠᠩ  2024 ᠣᠨ ᠤ 9  ᠳ᠋ᠤᠭᠡᠷ ᠤᠳᠠᠭᠠᠨ  ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠬᠤᠷᠠᠯ ᠢ ᠡᠷᠬᠢᠯᠡᠵᠦ᠂ ᠤᠨᠤᠯ  ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ  ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ᠂ ︽  ᠰᠢ ᠶᠢᠨ ᠫᠢᠩ ᠶᠡᠷᠦᠩᠬᠡᠢ ᠱᠦᠵᠢ  ᠶᠢᠨ ᠴᠢᠬᠤᠯᠠ ᠶᠠᠷᠢᠶᠠᠨ  ᠤ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠠᠮ  ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ  ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠲᠤᠬᠠᠢ ᠮᠡᠳᠡᠭᠳᠡᠯ︾᠂ ︽ᠪᠦᠬᠦ ᠠᠶᠢᠮᠠᠭ ᠤᠨ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾᠂ ︽ᠰᠢ ᠶᠢᠨ ᠫᠢᠩ᠄ ᠵᠢᠷᠭᠤᠳᠤᠭᠠᠷ ᠪᠦᠯᠦᠭ ᠤᠨ ᠪᠦᠬᠦ ᠤᠯᠤᠰ ᠤᠨ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠤᠨ ᠣᠷᠣᠰᠢᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ   ᠶᠢᠨ ᠰᠢᠳᠬᠡᠯ ᠥᠭᠬᠦ ᠳᠦᠷᠢᠮ︾ ᠤᠨ ᠳᠥᠷᠪᠡᠳᠦᠭᠡᠷ ᠪᠦᠯᠦᠭ ᠠᠴᠠ ᠵᠢᠷᠭᠤᠳᠤᠭᠠᠷ ᠪᠦᠯᠦᠭ ᠤᠨ ᠠᠭᠤᠯᠭ᠎ᠠ᠂ ︽ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢ  ᠲᠤᠭᠤᠰᠢᠯᠠᠭᠤᠯᠬᠤ ᠲᠤᠬᠠᠢ ᠮᠡᠳᠡᠭᠳᠡᠯ︾᠂ ︽ᠰᠢ ᠶᠢᠨ ᠫᠢᠩ ᠶᠡᠷᠦᠩᠬᠡᠢ ᠱᠦᠵᠢ ᠶᠢᠨ ᠴᠦᠩᠴᠢᠩ᠂ ᠱᠠᠨᠳᠦ᠋ᠩ᠂ ᠬᠥᠬᠡᠨᠠᠭᠤᠷ ᠲᠤ ᠠᠵᠢᠯ ᠪᠠᠶᠢᠴᠠᠭᠠᠬᠤ ᠳᠠᠭᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠬᠠᠮᠤᠭ ᠤᠨ ᠰᠢᠨ᠎ᠡ ᠶᠠᠷᠢᠶᠠᠨ ᠤ ᠵᠣᠷᠢᠭ ᠰᠠᠨᠠᠭ᠎ᠠ  ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂  ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠩᠭ᠎ᠠ ᠡᠬᠢᠯᠡᠵᠦ ᠨᠠᠵᠠᠭᠠᠢ ᠪᠠᠷ ᠲᠡᠭᠦᠰᠭᠡᠬᠦ ᠪᠠᠶᠢᠳᠠᠯ ᠭᠠᠷᠬᠤ ᠶᠢ ᠰᠡᠷᠭᠡᠶᠢᠯᠡᠵᠦ᠂ ᠦᠨᠡᠨ ᠬᠦ ᠠᠳᠬᠤᠨ ᠪᠣᠳᠠᠲᠠᠢ ᠰᠤᠷᠤᠯᠴᠠᠬᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ ᠶᠢ ᠦᠨᠡᠨ ᠬᠦ ᠪᠡᠶᠡᠯᠡᠭᠦᠯᠵᠦ᠂ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠵᠢᠷᠤᠮᠯᠠᠨ᠂ ᠰᠠᠬᠢᠯᠭ᠎ᠠ ᠪᠠᠲᠤ ᠶᠢ ᠰᠠᠬᠢᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠰᠢ ᠶᠢᠨ ᠫᠢᠩ ᠶᠡᠷᠦᠩᠬᠡᠢ ᠱᠦᠵᠢ ᠶᠢᠨ ᠴᠦᠩᠴᠢᠩ᠂ ᠱᠠᠨᠳᠦ᠋ᠩ᠂ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠡᠯ᠎ᠡ ᠱᠠᠲᠤᠨ ᠤ ᠺᠠᠳ᠋ᠷᠴᠤᠳ ᠤᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠬᠦ ᠶᠢ ᠨᠠᠶᠢᠳᠠᠪᠤᠷᠢᠵᠢᠭᠤᠯᠵᠤ᠂ ᠮᠠᠷᠺᠰ ᠤᠨ ᠦᠵᠡᠯ ‍ᠦᠨ‌ᠤᠨᠤᠯ  ᠢ ᠪᠣᠳᠠᠲᠠᠢ ᠲᠠᠢ ᠤᠶᠠᠯᠳᠤᠭᠤᠯᠬᠤ ᠰᠤᠷᠤᠯᠴᠠᠬᠤ ᠰᠤᠷᠲᠠᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ  ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠡᠰ ᠪᠠᠲᠤ ᠠᠵᠢᠯᠯᠠᠭᠴᠢ ᠪᠣᠯᠬᠤ ᠬᠡᠷᠡᠭᠲᠡᠢ ᠭᠡᠵᠠᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号