2024 ᠣᠨ ᠤ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/7/17
      ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ  ᠶᠢ ᠲᠤᠭᠤᠰᠢᠯᠠᠭᠤᠯᠵᠦ᠂ ᠪᠦᠬᠦ ᠬᠤᠰᠢᠭᠤᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠦᠯᠦᠭᠡ᠂ 6 ᠰᠠᠷ᠎ᠠ ᠶᠢᠨ 21 ᠤ ᠡᠳᠦᠷ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ 2024 ᠣᠨ ᠤ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠪᠣᠯᠪᠠᠰᠤᠷᠠᠯ ᠤᠨ ᠠᠩᠭᠢ ᠡᠷᠬᠢᠯᠡᠪᠡ᠃      ᠪᠣᠯᠪᠠᠰᠤᠷᠠᠯ ᠨᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠬᠤᠰᠢᠭᠤᠨ ᠤ 200 ᠭᠠᠷᠤᠢ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠳᠤ᠂ ᠥᠪᠥᠷ ᠮᠣᠩᠭᠤᠯ ᠤᠨ ᠴᠧᠩ ᠮᠢᠶᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠬᠠᠰᠲᠤᠶᠠᠭ᠎ᠠ ᠪᠣᠯᠣᠨ  ᠰᠢᠯᠢᠩᠬᠤᠲᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠢᠶᠠᠯᠲᠠᠨ ᠮᠧᠦ ᠸᠧᠢ ᠯᠢ ︽ᠵᠠᠰᠠᠭ ᠵᠠᠬᠢᠷᠭᠠᠨ ᠤ ᠰᠢᠢᠳᠬᠡᠯ ᠪᠣᠯᠣᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠣᠯᠳᠠᠯᠭ᠎ᠠ ᠲᠠᠢ ᠵᠠᠳᠠᠯᠤᠯᠲᠠ︾ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠠᠬᠢ ᠲᠦᠭᠰᠢᠭᠦᠷᠢ ᠠᠴᠠ ᠰᠡᠷᠭᠡᠶᠢᠯᠡᠬᠦ︾ ᠵᠡᠷᠭᠡ ᠰᠡᠳᠦᠪ ᠢᠶᠠᠷ ᠬᠢᠴᠢᠶᠡᠯ ᠣᠷᠤᠪᠠ᠃      ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠳᠤ ᠣᠷᠤᠯᠴᠠᠭᠠᠳ ᠪᠦᠲᠦᠮᠵᠢᠲᠡᠶ ᠪᠥᠭᠡᠳ ᠲᠤᠰᠠᠲᠠᠢ ᠪᠣᠳᠠᠲᠠᠢ ᠠᠷᠭ᠎ᠠ ᠶᠢ ᠡᠵᠡᠮᠰᠢᠵᠠᠢ᠂ ᠲᠣᠰ ᠤᠳᠠᠭᠠᠨ ᠤ ᠪᠣᠯᠪᠠᠰᠤᠷᠠᠯ ᠢᠶᠠᠷ ᠲᠣᠬᠢᠶᠠᠯ ᠪᠣᠯᠭᠠᠵᠤ᠂ ᠰᠤᠷᠴᠤ ᠣᠶᠢᠯᠠᠭᠠᠭᠰᠠᠨ ᠵᠦᠢᠯ ᠢᠶᠠᠨ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠪᠣᠳᠠᠲᠠᠢ ᠦᠶᠯᠡ ᠠᠵᠢᠯᠯᠠᠭ᠎ᠠ ᠪᠣᠯᠭᠠᠨ ᠬᠤᠪᠢᠷᠠᠭᠤᠯᠤᠨ᠎ᠠ  ᠭᠡᠵᠡᠭᠡᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠠᠤᠯᠢ ᠴᠠᠭᠠᠵᠠ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠥᠷᠨᠢᠭᠦᠯᠵᠦ᠂ ᠪᠥᠬᠦ ᠬᠤᠰᠢᠭᠤᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号