ᠮᠠᠨ ᠤ ᠬᠤᠰᠢᠭᠤ《ᠰᠣᠶᠣᠯ ᠢᠶᠠᠷ ᠵᠡᠮᠳᠡᠭᠴᠦᠳ ᠢ ᠲᠤᠰᠠᠯᠠᠵᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ  ᠪᠠᠨ ᠬᠠᠮᠲᠤ ᠪᠠᠷ ᠲᠡᠷᠭᠡᠯᠰᠢᠭᠦᠯᠦᠶ᠎ᠡ 》ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/17
      ᠳᠥᠭᠦᠮ ᠳᠥᠲᠡ᠂ ᠬᠠᠩᠭᠠᠯᠭ᠎ᠠ ᠡᠯᠪᠡᠭ᠂ ᠪᠠᠲᠤᠯᠠᠭ᠎ᠠ ᠬᠦᠴᠦᠲᠡᠢ ᠵᠡᠮᠳᠡᠭᠴᠦᠳ ᠤᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭᠴᠦᠳ ᠤᠨ ᠣᠯᠠᠨ ᠶᠠᠩᠵᠤ  ᠶᠢᠨ ᠰᠣᠶᠣᠯ ᠤᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 6 ᠰᠠᠷ᠎ᠠ ᠶᠢᠨ 20 ᠤ ᠡᠳᠦᠷ᠂ ᠰᠢᠯᠢ ᠶᠢᠨ ᠭᠤᠣᠯ ᠠᠶᠢᠮᠠᠭ ᠤᠨ ᠨᠣᠮ ᠤᠨ ᠰᠠᠩ ᠠᠴᠠ ᠭᠤᠣᠯᠯᠠᠨ ᠡᠷᠬᠢᠯᠡᠵᠦ᠂ ᠮᠠᠨ ᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠣᠯᠤᠨ ᠬᠤᠰᠢᠭᠤ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠭᠰᠡᠨ《 ᠰᠣᠶᠣᠯ ᠢᠶᠠᠷ ᠵᠡᠮᠳᠡᠭᠴᠦᠳ ᠢ ᠲᠤᠰᠠᠯᠠᠵᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤᠪᠠᠷ         ᠲᠡᠷᠭᠡᠯᠰᠢᠭᠦᠯᠦᠶ᠎ᠡ 》ᠭᠤᠣᠯ ᠰᠡᠳᠦᠪᠲᠦ ᠠᠵᠢᠯᠯᠠᠭ᠎ᠠ ᠬᠤᠰᠢᠭᠤ ᠨᠣᠮ ᠤᠨ ᠰᠠᠩ ᠳᠤ ᠠᠮᠵᠢᠯᠲᠠ ᠲᠠᠢ ᠶᠠᠪᠤᠭᠳᠠᠵᠠᠢ᠃      ᠲᠣᠰ ᠤᠳᠠᠭᠠᠨ ᠤ ᠠᠵᠢᠯᠯᠠᠭ᠎ᠠ ᠶᠢ ᠤᠷ᠎ᠠ ᠠᠪᠢᠶᠠᠰ ᠤᠨ ᠦᠵᠡᠭᠦᠯᠦᠯᠭᠡ᠂ ᠤᠷᠠᠯᠢᠭ ᠤᠨ ᠪᠦᠲᠦᠭᠡᠯ᠂ ᠨᠣᠮ ᠤᠩᠰᠢᠵᠤ ᠬᠤᠪᠢᠶᠠᠯᠴᠠᠬᠤ ᠭᠤᠷᠪᠠᠨ ᠭᠤᠭᠴᠤᠭ᠎ᠠ ᠬᠤᠪᠢᠶᠠᠨ ᠶᠠᠪᠤᠭᠳᠠᠭᠤᠯᠵᠤ᠂ ᠡᠯᠪᠡᠭ ᠪᠠᠶᠠᠯᠢᠭ ᠣᠯᠠᠨ ᠶᠠᠩᠵᠤ  ᠶᠢᠨ ᠲᠣᠭᠯᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠵᠢᠴᠢ ᠨᠡᠶᠢᠭᠡᠮ ᠠᠴᠠ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠬᠡᠪ ᠰᠤᠷᠲᠠᠯ ᠢ ᠭᠦᠶᠴᠡᠳ ᠢᠯᠡᠷᠡᠭᠦᠯᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠠᠴᠠ ᠭᠤᠭᠴᠤᠭ᠎ᠠ ᠨᠢᠭᠡᠪᠦᠷᠢ ᠠᠴᠠ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ᠢ ᠰᠢᠯᠭᠠᠷᠠᠭᠤᠯᠪᠠ  ᠃      ᠤᠷ᠎ᠠ ᠠᠪᠢᠶᠠᠰ ᠤᠨ ᠭᠤᠭᠴᠤᠭ᠎ᠠ ᠳᠤ ᠭᠤᠴᠣᠯᠠᠯ ᠳᠠᠭᠤᠤ᠂ ᠣᠷᠳᠣ ᠶᠢᠨ ᠳᠠᠭᠤᠤ᠂ ᠮᠣᠷᠢᠨ ᠬᠤᠭᠤᠷ ᠤᠨ ᠭᠤᠴᠣᠯᠠᠯ ᠬᠥᠭᠵᠢᠮ ᠵᠡᠷᠭᠡ ᠭᠤᠶᠢᠳᠠ ᠰᠠᠶᠢᠬᠠᠨ ᠲᠤᠭᠯᠠᠯᠲᠠ ᠭᠠᠷᠭᠠᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠵᠢᠴᠢ ᠨᠠᠮ ᠪᠠ ᠤᠯᠤᠰ ᠲᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠦ᠂ ᠨᠠᠮ ᠪᠠ ᠤᠯᠤᠰ ᠤᠨ ᠲᠥᠷᠥ ᠶᠢᠨ ᠪᠣᠳᠣᠯᠭ᠎ᠠ ᠶᠢ ᠮᠠᠭᠲᠠᠨ ᠳᠠᠭᠤᠯᠠᠪᠠ᠃ ᠨᠣᠮ ᠤᠩᠰᠢᠵᠤ ᠬᠤᠪᠢᠶᠠᠯᠴᠠᠬᠤ ᠭᠤᠭᠴᠤᠭ᠎ᠠ ᠳᠤ᠂ ᠤᠩᠰᠢᠭᠴᠢᠳ ᠠᠴᠠ ᠲᠤᠬᠠᠢ ᠶᠢᠨ ᠲᠠᠯᠠᠪᠠᠢ ᠳᠤ ᠤᠯᠠᠨ ᠳᠤ  ᠰᠢᠯᠢᠳᠡᠭ ᠨᠣᠮ ᠪᠢᠴᠢᠭ ᠤᠩᠰᠢᠭᠰᠠᠨ ᠣᠯᠤᠯᠲᠠ ᠲᠦᠷᠦᠭᠳᠡᠯ ᠢᠶᠠᠨ ᠬᠤᠪᠢᠶᠠᠯᠴᠠᠵᠠᠢ᠃ ᠤᠷᠠᠯᠢᠭ ᠤᠨ ᠪᠦᠲᠦᠭᠡᠯ ᠰᠢᠯᠭᠠᠷᠠᠭᠤᠯᠬᠤ ᠭᠤᠭᠴᠤᠭ᠎ᠠ ᠳᠤ᠂ ᠬᠠᠶᠢᠴᠢᠯᠠᠮᠠᠯ᠂ ᠢᠰᠡᠭᠡᠢ  ᠤᠷᠠᠯᠠᠯ᠂ ᠶᠠᠰᠤᠨ ᠵᠢᠷᠤᠭ᠂ ᠲᠤᠰᠤᠨ ᠪᠤᠳᠤᠭ ᠤᠨ ᠵᠢᠷᠤᠭ᠂ ᠶᠠᠰᠤᠨ ᠰᠡᠶᠢᠯᠦᠮᠡᠯ᠂ ᠦᠨᠳᠦᠰᠦᠲᠡᠨ ᠤ ᠬᠠᠳᠬᠤᠮᠠᠯ ᠵᠡᠷᠭᠡ ᠨᠠᠷᠢᠯᠢᠭ ᠰᠠᠶᠢᠬᠠᠨ ᠪᠥᠭᠡᠳ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠯ ᠤᠳ ᠦᠵᠡᠭᠦᠯᠦᠯᠭᠡ ᠶᠢᠨ ᠲᠣᠭᠤᠷᠢᠭ ᠲᠤ ᠢᠯᠡᠷᠡᠵᠦ᠂ ᠵᠣᠬᠢᠶᠠᠨ ᠪᠦᠲᠦᠭᠡᠬᠦ ᠬᠡᠯᠪᠡᠷᠢ ᠨᠢ ᠪᠠᠶᠠᠯᠢᠭ ᠰᠠᠶᠢᠬᠠᠨ ᠪᠠᠶᠢᠵᠤ᠂ ᠪᠦᠲᠦᠭᠡᠯ ᠨᠢᠭᠡᠪᠦᠷᠢ ᠨᠢ ᠴᠥᠮ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ ᠶᠢ ᠠᠭᠤᠯᠵᠤ᠂ ᠬᠥᠮᠦᠰ ᠤᠨ ᠰᠡᠳᠬᠢᠯ ᠢ  ᠪᠠᠶᠠᠰᠬᠠᠵᠠᠢ᠃      ᠲᠣᠰ ᠤᠳᠠᠭᠠᠨ ᠤ ᠠᠵᠢᠯᠯᠠᠭ᠎ᠠ ᠶᠢ ᠦᠷᠨᠢᠭᠦᠯᠦᠭᠰᠡᠨ ᠨᠢ ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠢᠲᠡᠭᠡᠯ ᠳᠦᠭᠦᠷᠡᠩ᠂ ᠪᠠᠶᠠᠰᠤᠩᠭᠤᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠵᠡᠮᠳᠡᠭᠴᠦᠳ ᠤᠨ ᠤᠩᠰᠢᠯᠭ᠎ᠠ ᠶᠢᠨ ᠤᠷᠮ᠎ᠠ ᠶᠢ ᠬᠥᠭᠵᠢᠭᠡᠵᠦ᠂ ᠵᠡᠮᠳᠡᠭᠴᠦᠳ ᠲᠤ ᠣᠯᠠᠨ ᠨᠡᠶᠢᠲᠡ  ᠶᠢᠨ ᠰᠣᠶᠣᠯ ᠤᠨ ᠦᠶᠯᠡᠴᠢᠯᠡᠭᠡ ᠶᠢ ᠡᠷᠬᠡ ᠲᠡᠭᠰᠢ ᠪᠠᠷ ᠬᠦᠷᠲᠡᠭᠡᠵᠦ᠂《ᠰᠣᠶᠣᠯ ᠢᠶᠠᠷ ᠵᠡᠮᠳᠡᠭᠴᠦᠳ ᠢ          ᠲᠤᠰᠠᠯᠠᠬᠤ 》ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠷᠭᠡᠨ ᠣᠯᠠᠨ ᠵᠡᠮᠳᠡᠭᠴᠦᠳ ᠤᠨ ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ  ᠃      ᠠᠵᠢᠯᠯᠠᠭ᠎ᠠ ᠶᠢᠨ ᠡᠴᠦᠰ ᠲᠤ᠂ ᠨᠣᠮ ᠤᠨ ᠰᠠᠩ ᠤᠨ ᠠᠵᠢᠯᠲᠠᠳ ᠠᠴᠠ ᠵᠡᠮᠲᠡᠭᠴᠦᠳ ᠢ ᠳᠠᠭᠠᠭᠤᠯᠤᠨ ᠰᠠᠭᠠᠳ ᠥᠬᠡᠶ ᠦᠶᠯᠡᠴᠢᠯᠡᠭᠡᠨ ᠤ ᠲᠣᠭᠤᠷᠢᠭ ᠢᠶᠠᠷ ᠲᠣᠭᠤᠷᠢᠨ ᠦᠵᠡᠬᠦ ᠶᠢᠨ ᠬᠠᠮᠲᠤ ᠲᠡᠳᠡᠨ ᠳᠤ ᠲᠣᠰ ᠰᠠᠭᠠᠳ ᠥᠬᠡᠶ ᠦᠶᠯᠡᠴᠢᠯᠡᠭᠡᠨ ᠤ ᠲᠣᠭᠤᠷᠢᠭ ᠤᠨ ᠬᠠᠷᠠᠭᠠᠨ ᠰᠠᠭᠠᠳ ᠲᠠᠢ ᠤᠩᠰᠢᠭᠴᠢᠳ ᠲᠤ ᠬᠠᠩᠭᠠᠭᠰᠠᠨ ᠬᠠᠮᠢᠶ᠎ᠠ ᠪᠥᠬᠦᠶ ᠦᠶᠯᠡᠴᠢᠯᠡᠭᠡ ᠶᠢ ᠲᠠᠨᠢᠯᠴᠠᠭᠤᠯᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号