ᠮᠥᠩᠭᠦᠨ ᠭᠦᠶᠯᠭᠡᠭᠡᠨ ᠤ ᠬᠦᠴᠦᠨ ᠢ ᠨᠢᠭᠲᠠᠷᠠᠭᠤᠯᠵᠤ ᠠᠷᠠᠳ ᠢᠶᠠᠨ ᠪᠠᠶᠠᠵᠢᠭᠤᠯᠵᠤ ᠬᠢᠯᠢ ᠪᠠᠨ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/7/17
      6 ᠰᠠᠷ᠎ᠠ ᠶᠢᠨ 20 ᠤ ᠡᠳᠦᠷ᠂ ᠤᠯᠤᠰ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠯᠢ ᠶᠢᠨ ᠭᠤᠤᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠰᠢᠯᠢ  ᠶᠢᠨ ᠭᠤᠤᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠬᠢᠯᠢ ᠬᠢᠵᠠᠭᠠᠷ ᠣᠷᠣᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠵᠢᠨᠠᠭᠤᠷ ᠪᠠᠯᠭᠠᠰᠤᠨ ᠳᠤ《ᠮᠥᠩᠭᠦᠨ ᠭᠦᠶᠯᠭᠡᠭᠡᠨ ᠢᠶᠠᠷ ᠠᠷᠠᠳ ᠢ ᠪᠠᠶᠠᠵᠢᠭᠤᠯᠵᠤ ᠬᠢᠯᠢ ᠪᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ 》ᠠᠵᠢᠯᠯᠠᠭ᠎ᠠ ᠶᠢ ᠬᠠᠮᠲᠤᠷᠠᠨ ᠥᠷᠨᠢᠭᠦᠯᠪᠡ  ᠃      ᠪᠠᠩᠬᠢ ᠶᠢᠨ ᠪᠠᠶᠢᠭᠤᠯᠤᠮᠵᠢ (  ᠢᠲᠡᠭᠡᠮᠵᠢ ᠶᠢᠨ ᠬᠤᠷᠰᠢᠶ᠎ᠠ᠂ ᠲᠠᠷᠢᠶᠠᠯᠠᠩ ᠤᠨ ᠪᠠᠩᠬᠢ )᠂ ᠳᠠᠭᠠᠳᠬᠠᠯ ᠤᠨ ᠪᠠᠶᠢᠭᠤᠯᠤᠮᠵᠢ᠂ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠢᠯᠲᠠᠨ ᠵᠢᠴᠢ ᠮᠠᠯᠴᠢᠳ ᠠᠵᠢᠯᠯᠠᠭ᠎ᠠ ᠳᠤ ᠤᠷᠤᠯᠴᠠᠪᠠ  ᠃        ᠠᠵᠢᠯᠯᠠᠭ᠎ᠠ ᠡᠬᠢᠨ ᠳᠤ᠂ ᠰᠢᠯᠢ ᠶᠢᠨ ᠭᠤᠤᠯ ᠠᠶᠢᠮᠠᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠠᠴᠠ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠳᠤ ᠮᠥᠩᠭᠦᠨ ᠭᠦᠶᠯᠭᠡᠭᠡᠨ ᠤ ᠬᠤᠯᠪᠣᠭᠠᠴᠢᠨ ᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠳᠠᠭᠠᠳᠬᠠᠯ ᠤᠨ ᠪᠠᠶᠢᠭᠤᠯᠤᠮᠵᠢ ᠠᠴᠠ ᠬᠢᠯᠢ ᠶᠢᠨ ᠠᠷᠠᠳ ᠤᠨ ᠲᠥᠯᠥᠭᠡᠯᠡᠭᠴᠢ᠂ ᠬᠢᠯᠢ ᠬᠠᠮᠠᠭᠠᠯᠠᠭᠴᠢ ᠶᠢᠨ ᠲᠥᠯᠥᠭᠡᠯᠡᠭᠴᠢ᠂ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠳᠤ ᠳᠠᠭᠠᠳᠬᠠᠯ ᠬᠦᠷᠭᠡᠭᠰᠡᠨ ᠪᠠᠶᠢᠨ᠎ᠠ᠃ ᠡᠭᠦᠨ ᠤ ᠳᠠᠭᠠᠤ᠂ ᠭᠤᠶᠢᠳᠠ ᠰᠠᠶᠢᠬᠠᠨ ᠤᠷᠠᠨ ᠰᠠᠶᠢᠬᠠᠨ  ᠤ ᠲᠣᠭᠯᠠᠯᠲᠠ ᠭᠠᠷᠭᠠᠵᠤ᠂ ᠵᠡᠭᠦᠨ ᠦᠵᠦᠮᠦᠴᠢᠨ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠲᠣᠭᠯᠠᠭᠰᠠᠨ ᠡᠯᠧᠺᠲᠷᠣᠨ ᠮᠡᠬᠡᠯᠡᠯ ᠢ ᠡᠰᠡᠷᠭᠦᠴᠡᠬᠦ ᠱᠤᠭ ᠵᠦᠴᠦᠭᠡ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠤᠳᠬ᠎ᠠ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠬᠢᠯᠢ ᠶᠢᠨ ᠠᠷᠠᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠪᠠ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ  ᠃      ᠲᠤᠬᠠᠶ ᠶᠢᠨ ᠲᠠᠯᠠᠪᠠᠶ ᠳᠤ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ  ᠪᠠᠨ ᠦᠨᠳᠦᠰᠦᠯᠡᠨ᠂ ᠠᠰᠠᠭᠤᠨ ᠯᠠᠪᠯᠠᠬᠤ᠂ ᠤᠴᠢᠷ ᠶᠠᠪᠤᠳᠠᠯ ᠭᠦᠶᠴᠡᠳᠬᠡᠬᠦ ᠪᠠᠷ ᠢᠷᠡᠭᠰᠡᠨ ᠮᠠᠯᠴᠢᠨ ᠲᠦᠮᠡᠨ ᠳᠤ ᠰᠦᠯᠵᠢᠶᠡᠨ ᠳᠡᠭᠡᠷ᠎ᠡ ᠳᠠᠭᠠᠳᠬᠠᠯ ᠲᠤᠰᠢᠶᠠᠬᠤ᠂ ᠭᠠᠷ ᠤᠲᠠᠰᠤᠨ ᠤ ᠪᠠᠩᠬᠢ᠂ ᠮᠥᠩᠭᠦᠨ ᠭᠦᠶᠯᠭᠡᠭᠡᠨ ᠤ ᠬᠡᠲᠦ ᠳᠡᠯᠭᠡᠭᠦᠷ᠂ ᠰᠦᠯᠵᠢᠶᠡᠨ ᠳᠡᠭᠡᠷ᠎ᠡ ᠵᠢᠭᠡᠯᠡᠯᠭᠡ ᠭᠤᠶᠤᠴᠢᠯᠠᠬᠤ ᠵᠥᠪᠯᠡᠯᠭᠡ ᠥᠭᠬᠦ ᠵᠡᠷᠭᠡ ᠦᠶᠯᠡᠴᠢᠯᠡᠭᠡ ᠬᠠᠩᠭᠠᠪᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ᠂ ᠥᠷᠭᠡᠨ ᠣᠯᠠᠨ ᠮᠠᠯᠴᠢᠨ ᠲᠦᠮᠡᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ  ᠃ ᠡᠭᠦᠨ ᠠᠴᠠ ᠭᠠᠳᠠᠨ᠎ᠠ᠂ ᠡᠯ᠎ᠡ ᠰᠠᠯᠠᠭ᠎ᠠ ᠮᠥᠴᠢᠷ ᠪᠠᠰᠠ ᠬᠠᠮᠵᠢᠯᠴᠠᠨ ᠦᠶᠯᠡᠴᠢᠯᠡᠬᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠤᠬᠠᠶ ᠰᠠᠨᠠᠯ ᠢᠶᠠᠨ ᠰᠣᠯᠢᠯᠴᠠᠬᠤ ᠶᠢᠨ ᠬᠠᠮᠲᠤ᠂ ᠬᠤᠯᠪᠣᠭᠠᠯᠠᠨ ᠬᠥᠳᠡᠯᠦᠯᠴᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ᠂ ᠭᠦᠶᠴᠡᠳᠬᠡᠬᠦ ᠵᠦᠶᠯᠡᠰ ᠵᠢᠴᠢ ᠬᠡᠷᠡᠭᠵᠢᠭᠦᠯᠬᠦ ᠲᠥᠰᠦᠯ ᠢ ᠠᠩᠬ᠎ᠠ ᠠᠯᠬᠤᠮ ᠪᠦᠷᠢᠯᠳᠦᠭᠦᠯᠪᠡ  ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠃ ᠡᠯ᠎ᠡ ᠰᠠᠯᠠᠭ᠎ᠠ ᠮᠥᠴᠢᠷ ᠤᠨ ᠬᠢᠨ ᠳᠤᠭᠤᠶᠢᠯᠠᠩ ᠬᠤᠪᠢᠶᠠᠨ ᠬᠢᠯᠢ ᠬᠢᠵᠠᠭᠠᠷ ᠢ ᠬᠠᠮᠠᠭᠠᠯᠠᠬᠤ ᠥᠷᠲᠡᠭᠡ᠂ ᠬᠢᠯᠢ ᠶᠢᠨ ᠲᠣᠮᠢᠯᠠᠭᠰᠠᠨ ᠰᠠᠯᠪᠤᠷᠢ᠂         《 ᠥᠪᠥᠷ ᠮᠣᠩᠭᠤᠯ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ ᠤ ᠬᠡᠲᠦ ᠳᠡᠯᠭᠡᠭᠦᠷ 》 ᠵᠡᠷᠭᠡ ᠭᠠᠵᠠᠷ  ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠡᠷᠡᠭᠴᠡᠭᠡ ᠱᠠᠭᠠᠷᠳᠠᠯᠭ᠎ᠠ ᠶᠢ  ᠨᠢ  ᠠᠰᠠᠭᠤᠨ ᠥᠢᠯᠠᠭᠠᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠥᠪᠳᠡᠯᠴᠡᠨ ᠰᠢᠶᠳᠪᠦᠷᠢᠯᠡᠵᠦ᠂ ᠬᠠᠮᠲᠤ ᠪᠠᠷ ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠪᠡ  ᠃      ᠲᠣᠰ ᠤᠳᠠᠭᠠᠨ ᠤ ᠮᠥᠩᠭᠦᠨ ᠭᠦᠶᠯᠭᠡᠭᠡᠨ ᠢᠶᠠᠷ ᠠᠷᠠᠳ ᠢᠶᠠᠨ ᠪᠠᠶᠠᠵᠢᠭᠤᠯᠵᠤ ᠬᠢᠯᠢ ᠪᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠠᠵᠢᠯᠯᠠᠭ᠎ᠠ ᠨᠢ ᠠᠷᠠᠳ ᠤᠨ ᠴᠠᠭᠳᠠᠭ᠎ᠠ ᠵᠢᠴᠢ ᠪᠠᠩᠬᠢ ᠬᠤᠯᠪᠣᠭᠠᠯᠠᠨ ᠬᠥᠳᠡᠯᠦᠯᠴᠡᠵᠦ ᠦᠶᠯᠡᠴᠢᠯᠡᠭᠡ ᠪᠠᠨ ᠳᠡᠭᠡᠭᠰᠢᠯᠡᠭᠦᠯᠬᠦ ᠢᠳᠡᠪᠬᠢᠲᠡᠶ ᠰᠦᠪᠡᠭᠴᠢᠯᠡᠯ ᠪᠣᠯᠬᠤ ᠪᠠᠷ ᠪᠠᠷᠠᠬᠤ ᠥᠬᠡᠶ ᠨᠠᠩ ᠴᠤ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ《 ᠪᠣᠳᠠᠲᠤ ᠶᠠᠪᠤᠳᠠᠯ 》ᠪᠠ《 ᠴᠢᠬᠤᠯᠠ ᠶᠠᠪᠤᠳᠠᠯ 》ᠪᠣᠯᠬᠤ ᠶᠤᠮ  ᠃      ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ ᠳᠠᠪᠠᠭᠤᠯᠢᠭ ᠡᠬᠢ ᠪᠠᠶᠠᠯᠢᠭ ᠢᠶᠠᠨ ᠲᠥᠪᠯᠡᠷᠡᠭᠦᠯᠵᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠬᠠᠮᠲᠤ ᠪᠠᠷ ᠠᠭᠤᠰᠤᠯᠴᠠᠨ ᠬᠠᠮᠲᠤ ᠪᠠᠷ ᠠᠬᠢᠭᠤᠯᠵᠤ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠬᠤ᠂ ᠬᠢᠯᠢ ᠬᠢᠵᠠᠭᠠᠷ ᠤᠨ ᠬᠥᠭᠵᠢᠯᠲᠡ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠳᠤ ᠬᠦᠴᠦ ᠪᠠᠨ ᠬᠠᠮᠲᠤᠳᠬᠠᠨ ᠦᠶᠯᠡᠴᠢᠯᠡᠵᠦ᠂ ᠮᠥᠩᠭᠦᠨ ᠭᠦᠶᠯᠭᠡᠭᠡᠨ ᠤ ᠠᠵᠢᠯ ᠤᠨ ᠤᠯᠤᠰ ᠲᠥᠷᠥ ᠶᠢᠨ ᠴᠢᠨᠠᠷ ᠪᠠ ᠠᠷᠠᠳᠴᠢ ᠴᠢᠨᠠᠷ ᠢ ᠦᠨᠡᠨ ᠬᠦ ᠦᠶᠯᠡᠳᠦᠯᠭᠡᠵᠢᠭᠦᠯᠵᠦ᠂ ᠮᠥᠩᠭᠦᠨ ᠭᠦᠶᠯᠭᠡᠭᠡᠨ ᠢᠶᠠᠷ ᠠᠷᠠᠳ ᠢᠶᠠᠨ ᠪᠠᠶᠠᠵᠢᠭᠤᠯᠵᠤ ᠬᠢᠯᠢ ᠪᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠨ᠎ᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号